ᠲᠠᠶᠢᠹᠤᠰᠧ ᠬᠤᠰᠢᠭᠤ ᠰᠣᠯᠪᠢᠴᠠᠨ ᠪᠠᠶᠢᠴᠠᠭᠠᠬᠤ ᠠᠵᠢᠯ ᠦᠷᠨᠢᠬᠦᠯᠪᠡ
ᠨᠡᠶᠢᠲᠡᠯᠡᠭᠰᠡᠨ ᠴᠠᠭ᠄
2022/11/19
 ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠠᠵᠢᠯ ᠢ ᠤᠯᠠᠮ ᠰᠠᠶᠢᠨ ᠬᠢᠵᠦ᠂ ᠰᠢᠯᠢᠳᠡᠭ ᠬᠢᠷᠢ ᠪᠦᠲᠦᠮᠵᠢ ᠪᠠᠷ ᠤᠯᠤᠰ  ᠂ ᠣᠷᠣᠨ  ᠂ ᠠᠶᠢᠮᠠᠭ ᠤᠨ ᠡᠯ᠎ᠡ ᠲᠦᠷᠦᠯ ᠤᠨ ᠬᠢᠨᠠᠨ ᠰᠢᠯᠭᠠᠯᠲᠠ ᠶᠢ ᠤᠭᠳᠤᠬᠤ ᠶᠢᠨ ᠲᠦᠯᠦᠬᠡ᠂  ᠲᠠᠶᠢᠹᠤᠰᠧ ᠬᠤᠰᠢᠭᠤ ᠨᠢ ᠡᠯ᠎ᠡ ᠰᠤᠮᠤ ᠰᠢᠶᠠᠩ ᠪᠠᠯᠭᠠᠰᠤ ᠶᠢ ᠵᠣᠬᠢᠶᠠᠨ  ᠪᠠᠶᠢᠭᠤᠯᠵᠤ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠬᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠯ᠎ᠡ ᠲᠦᠷᠦᠯ ᠤᠨ ᠠᠵᠢᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠡᠢ᠃  11 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ  ᠠᠴᠠ ᠪᠥᠬᠦ ᠬᠤᠰᠢᠭᠤᠨ ᠤ ᠶᠠᠳᠠᠭᠤ   ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠭᠠᠴᠠᠭ᠎ᠠ ᠲᠣᠰᠬᠤᠨ ᠤ ᠥᠪᠡᠷ ᠤᠨ ᠪᠠᠶᠢᠴᠠᠭᠠᠯᠲᠠ᠂ ᠰᠤᠮᠤ ᠰᠢᠶᠠᠩ  ᠪᠠᠯᠭᠠᠰᠤᠨ ᠤ ᠰᠤᠯᠪᠢᠴᠠᠭᠰᠠᠨ ᠪᠠᠶᠢᠴᠠᠭᠠᠯᠳᠠ᠂  ᠬᠤᠰᠢᠭᠤ ᠱᠠᠳᠤᠨ ᠤ ᠲᠤᠭᠤᠷᠢᠨ ᠪᠠᠶᠢᠴᠠᠭᠠᠯᠳᠠ ᠶᠢᠨ ᠠᠵᠢᠯ ᠢ ᠪᠠᠶᠢᠷᠢᠯᠠᠭᠤᠯᠪᠠ᠃  13 ᠤ ᠡᠳᠦᠷ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ 7 ᠰᠤᠮᠤ ᠰᠢᠶᠠᠩ ᠪᠠᠯᠭᠠᠰᠤᠨ ᠤ 49 ᠠᠵᠢᠯᠲᠠᠨ ᠢ ᠵᠣᠬᠢᠶᠠᠨ ᠪᠠᠶᠢᠭᠤᠯᠵᠤ᠂  ᠰᠣᠯᠪᠢᠴᠠᠨ ᠪᠠᠶᠢᠴᠠᠭᠠᠬᠤ ᠪᠣᠯᠪᠠᠰᠤᠷᠠᠯ ᠡᠷᠬᠢᠯᠡᠨ᠂  ᠪᠠᠶᠢᠴᠠᠭᠠᠯᠳᠠ ᠶᠢᠨ ᠠᠵᠢᠯ ᠢ ᠭᠦᠨᠵᠡᠭᠡᠶᠢᠷᠡᠭᠦᠯᠦᠨ ᠨᠠᠷᠢᠯᠢᠭᠵᠢᠭᠤᠯᠵᠤ᠂ ︽ ᠪᠠᠶᠢᠴᠠᠭᠠᠯᠲᠠ ᠶᠢᠨ ᠠᠭᠤᠯᠭ᠎ᠠ ᠳᠤ ᠨᠠᠷᠢᠨ ᠲᠠᠶᠢᠯᠤᠮᠵᠢ ᠬᠢᠵᠡᠢ᠃ ᠬᠤᠷᠠᠯ ᠠᠴᠠ᠂ ᠡᠯ᠎ᠡ ᠪᠠᠶᠢᠴᠠᠭᠠᠬᠤ ᠳᠤᠭᠤᠶᠢᠯᠠᠩ ᠤᠨ ᠬᠢᠨ ᠡᠷᠬᠡ ᠲᠡᠭᠰᠢ᠂ ᠲᠥᠪ ᠭᠤᠥᠯᠴᠢ᠂ ᠪᠤᠰᠤᠳᠴᠢ ᠪᠠᠶᠢᠬᠤ ᠵᠠᠷᠴᠢᠮ   ᠢ ᠪᠠᠷᠢᠮᠲᠠᠯᠠᠨ᠂ ᠡᠷᠦᠬᠡ ᠳᠤ ᠬᠦᠷᠴᠦ ᠰᠤᠷᠪᠤᠯᠵᠢᠯᠠᠬᠤ᠂ ᠲᠠᠩᠰᠠ ᠡᠪᠬᠡᠮᠡᠯ   ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠡᠯ᠎ᠡ ᠭᠠᠴᠠᠭ᠎ᠠ ᠲᠣᠰᠬᠤᠨ ᠤ ᠠᠵᠢᠯ   ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠯ᠎ᠡ ᠱᠠᠲᠤᠨ ᠤ ᠡᠯ᠎ᠡ ᠲᠥᠷᠥᠯ ᠤᠨ ᠠᠰᠠᠭᠤᠳᠠᠯ   ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠵᠡᠷᠭᠡ ᠳᠤ ᠪᠠᠶᠢᠴᠠᠭᠠᠯᠲᠠ ᠬᠢᠵᠦ᠂  ᠬᠥᠳᠡᠭᠡ ᠲᠣᠰᠬᠤᠨ   ᠢ ᠬᠥᠭᠵᠢᠭᠦᠯᠦᠨ ᠮᠠᠨᠳᠤᠭᠤᠯᠬᠤ ᠠᠵᠢᠯ ᠤᠨ ᠦᠷ᠎ᠡ ᠪᠦᠲᠦᠮᠵᠢ   ᠶᠢ ᠪᠥᠬᠦ ᠲᠠᠯ᠎ᠠ ᠪᠠᠷ ᠰᠢᠯᠭᠠᠨ᠂ ᠠᠵᠢᠯ   ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ ᠃  ᠡᠨᠡ  ᠤᠳᠠᠭᠠᠨ ᠤ  ᠪᠠᠶᠢᠴᠠᠭᠠᠯᠲᠠ ᠳᠤ 7 ᠰᠤᠮᠤ ᠰᠢᠶᠠᠩ ᠪᠠᠯᠭᠠᠰᠤᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠢ ᠪᠠᠶᠢᠴᠠᠭᠠᠬᠤ ᠪᠦᠯᠬᠦᠮ ᠳᠠᠭᠠᠭᠤᠯᠵᠤ᠂  ᠭᠤᠣᠯᠳᠠᠯᠭ᠎ᠠ ᠲᠠᠢ 77 ᠭᠠᠴᠠᠭ᠎ᠠ ᠲᠣᠰᠬᠤᠨ   ᠢ ᠰᠣᠩᠭᠤᠨ᠂ ᠬᠠᠷᠢᠯᠴᠠᠨ ᠪᠠᠶᠢᠴᠠᠭᠠᠬᠤ   ᠶᠢᠨ ᠬᠠᠮᠲᠤ ᠥᠪᠡᠷ ᠤᠨ ᠵᠥᠷᠢᠶ᠎ᠡ ᠪᠠᠨ ᠡᠷᠢᠵᠦ᠂  ᠠᠷᠭ᠎ᠠ ᠲᠤᠷᠰᠢᠯᠭ᠎ᠠ  ᠪᠠᠨ ᠬᠠᠷᠢᠯᠴᠠᠨ ᠰᠤᠷᠤᠯᠴᠠᠵᠤ᠂ ᠡᠯ᠎ᠡ ᠲᠥᠷᠥᠯ ᠤᠨ ᠰᠢᠯᠭᠠᠯᠳᠠ ᠪᠠᠶᠢᠴᠠᠭᠠᠯᠳᠠ ᠶᠢ ᠤᠭᠲᠤᠬᠤ ᠳᠤ ᠪᠠᠲᠤ ᠰᠠᠭᠤᠷᠢ  ᠶᠢ ᠲᠠᠯᠪᠢᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号