ᠲᠠᠶᠢᠹᠤᠰᠧ ᠬᠤᠰᠢᠭᠤᠨ ᠤ ᠬᠢᠨ ᠳᠡᠯᠭᠡᠭᠦᠷ  ᠬᠤᠳᠠᠯᠳᠤᠭ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2022/11/19
11 ᠰᠠᠷ᠎ᠠ ᠶᠢᠨ 18 ᠤ ᠡᠳᠦᠷ᠂  ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠬᠠᠩᠭᠠᠯᠭ᠎ᠠ ᠶᠢ ᠪᠠᠲᠤᠯᠠᠬᠤ  ᠴᠢᠯᠦᠬᠡᠳᠦ ᠳᠡᠯᠭᠡᠭᠦᠷ᠂ ᠲᠣᠮᠣ ᠬᠡᠯᠪᠡᠷᠢ ᠶᠢᠨ  ᠬᠤᠳᠠᠯᠳᠤᠭᠠᠨ ᠤ ᠲᠠᠯᠠᠪᠤᠷ  ᠲᠤ ᠬᠦᠨᠵᠡᠬᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠪᠠᠶᠢᠴᠠᠭᠠᠯᠲᠠ ᠬᠢᠵᠡᠢ᠃ ᠡᠨᠡ ᠤᠳᠠᠭᠠᠨ ᠤ ᠪᠠᠶᠢᠴᠠᠭᠠᠯᠲᠠ ᠳᠤ ᠭᠤᠣᠯᠳᠠᠭᠤ 5 ᠴᠢᠯᠦᠬᠡᠳᠦ ᠳᠡᠯᠭᠡᠭᠦᠷ᠂ 2 ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠢᠶᠠᠷ ᠤᠷᠤᠵᠤ᠂  ᠠᠵᠢᠯᠲᠠᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠲᠡᠬᠦᠯᠳᠡᠷᠵᠢᠬᠦᠯᠬᠦ᠂ ︽ᠬᠤᠶᠠᠷ ᠡᠳᠦᠷ ᠲᠤ ᠨᠢᠭᠡ ᠪᠠᠶᠢᠴᠠᠭᠠᠬᠤ︾  ᠂   ᠲᠠᠯᠠᠪᠤᠷ ᠤᠨ ᠺᠤᠳ᠋᠂  ᠠᠶᠠᠯᠠᠯ ᠤᠨ ᠺᠤᠳ᠋᠂ ᠡᠷᠡᠭᠦᠯ ᠮᠡᠨᠳᠦ ᠶᠢᠨ ᠺᠤᠳ᠋ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ᠂  ᠬᠠᠯᠠᠭᠤᠨ ᠢ ᠬᠡᠮᠵᠢᠬᠦ ᠵᠡᠷᠭᠡ  ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠬᠤ ᠲᠤᠬᠠᠢ ᠱᠠᠭᠠᠷᠳᠠᠯᠭ᠎ᠠ ᠲᠠᠯᠪᠢᠭᠰᠠᠨ ᠪᠠᠶᠢᠨ᠎ᠠ᠃ ᠪᠠᠶᠢᠴᠠᠭᠠᠯᠲᠠ ᠶᠢᠨ ᠳᠤᠮᠳᠠ ᠵᠠᠷᠢᠮ ᠴᠢᠯᠦᠬᠡᠳᠦ ᠳᠡᠯᠭᠡᠭᠦᠷ ᠤᠨ ᠣᠨᠴᠠ ᠵᠠᠷᠢᠮ ᠠᠵᠢᠯᠲᠠᠨ ᠠᠮᠠᠪᠴᠢ ᠪᠠᠨ ᠵᠥᠪ ᠵᠡᠭᠦᠭᠰᠡᠨ ᠦᠭᠡᠢ ᠪᠠᠶᠢᠭ᠎ᠠ ᠠᠰᠠᠭᠤᠳᠠᠯ ᠢ ᠢᠯᠡᠷᠡᠬᠦᠯᠵᠦ᠂  ᠪᠠᠶᠢᠴᠠᠭᠠᠬᠤ ᠠᠵᠢᠯᠲᠠᠨ ᠠᠴᠠ ᠲᠤᠬᠠᠢ ᠶᠢᠨ ᠲᠠᠯᠠᠪᠤᠷ ᠲᠤ 5 ᠬᠤᠪᠢ  ᠱᠠᠭᠠᠷᠳᠠᠯᠭ᠎ᠠ ᠶᠢᠨ ᠪᠢᠴᠢᠭ ᠪᠠᠭᠤᠯᠭᠠᠵᠤ᠂  ᠪᠠᠷᠢᠨ  ᠬᠡᠷᠡᠭᠵᠢᠭᠦᠯᠵᠦ  ᠪᠠᠷᠢᠨ ᠥᠭᠡᠷᠡᠴᠢᠯᠡᠬᠦ   ᠶᠢ ᠱᠠᠭᠠᠷᠳᠠᠵᠠᠢ᠃  ᠡᠭᠦᠨ ᠤ ᠬᠠᠮᠳᠤ᠂ ᠠᠮᠢᠳᠤᠷᠠᠯ ᠤᠨ ᠡᠳ᠋ ᠪᠣᠳᠠᠰ ᠤᠨ ᠪᠠᠳᠤᠯᠠᠭᠠᠨ ᠤ ᠠᠵᠢᠯ ᠢ ᠰᠠᠶᠢᠲᠤᠷ ᠬᠢᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠨᠦᠬᠡᠴᠡᠯᠡᠯ᠂ ᠪᠣᠷᠤᠯᠠᠭᠤᠯᠭ᠎ᠠ᠂ ᠪᠠᠷᠠᠭ᠎ᠠ ᠣᠷᠣᠭᠤᠯᠬᠤ ᠠᠷᠭ᠎ᠠ ᠵᠠᠮ ᠵᠡᠷᠭᠡ ᠪᠠᠶᠢᠳᠠᠯ ᠤᠨ ᠮᠡᠳᠡᠬᠦᠯᠦᠯᠳᠡ ᠶᠢ ᠴᠢᠩᠭᠠᠳᠬᠠᠨ᠂ ᠭᠡᠨᠡᠳᠲᠡ ᠶᠢᠨ ᠪᠠᠶᠢᠳᠠᠯ ᠭᠠᠷᠬᠤ ᠦᠶᠡᠰ ᠬᠠᠩᠭᠠᠯᠭ᠎ᠠ ᠲᠠᠰᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠡᠯ᠎ᠡ ᠬᠠᠩᠭᠠᠯᠭ᠎ᠠ ᠶᠢ ᠪᠠᠲᠤᠯᠠᠬᠤ  ᠴᠢᠯᠦᠬᠡᠳᠦ ᠳᠡᠯᠭᠡᠭᠦᠷ ᠤᠳ ᠢ ᠱᠠᠭᠠᠷᠳᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号