ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 16 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2022/11/19
 ᠣᠶᠢᠷ᠎ᠠ ᠳᠤ᠂  ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2022 ᠣᠨ ᠤ 16 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ  ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠢ ᠴᠢᠬᠤᠯᠠ ᠦᠵᠡᠯ ᠰᠠᠨᠠᠭᠠᠨ ᠤ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠠᠢ᠃ ᠬᠤᠷᠠᠯ ᠠᠴᠠ᠂  ᠤᠨᠤᠯ ᠰᠤᠷᠤᠯᠴᠠᠬᠤ ᠭᠤᠣᠯ ᠳᠤᠭᠤᠶᠢᠯᠠᠩ ᠤᠨ  ᠭᠡᠰᠢᠬᠦᠳ ᠡᠷᠭᠡᠪᠰᠢ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠨᠡᠮᠡᠭᠳᠡᠬᠦᠯᠦᠨ᠂ ᠵᠥᠪ ᠣᠨᠣᠪᠴᠢᠲᠠᠶ ᠡᠬᠡ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠲᠡᠦᠬᠡ ᠶᠢᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠵᠢᠯᠤᠭᠤᠳᠤᠨ ᠦᠨᠳᠦᠰᠦᠲᠡᠨ ᠤ ᠪᠦᠯᠬᠦᠮᠳᠡᠯ ᠢ ᠡᠷᠬᠢᠮᠨᠡᠨ ᠨᠠᠨᠳᠢᠩᠨᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠡᠮᠦᠷ ᠬᠡᠷᠡᠮ ᠪᠣᠯᠣᠳ ᠬᠠᠨ᠎ᠠ ᠶᠢ ᠦᠨᠡᠨ ᠬᠦ ᠪᠠᠬᠢᠵᠢᠭᠦᠯᠬᠦ  ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠭᠡᠰᠢᠬᠦᠳ᠂ ᠳᠥᠷᠪᠡᠨ ᠶᠡᠭᠡ ᠪᠠᠭ ᠤᠨ ᠠᠯᠪᠠᠨ ᠭᠡᠷ ᠤᠨ ᠡᠷᠬᠢᠯᠡᠭᠴᠢ᠂  ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠨᠠᠷᠢᠨ ᠪᠢᠴᠢᠭᠡᠴᠢ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号