11 ᠰᠠᠷ᠎ᠠ ᠶᠢᠨ 17 ᠤ ᠡᠳᠦᠷ᠂ ᠲᠠᠶᠢᠹᠤᠰᠧ ᠬᠤᠰᠢᠭᠤ ᠬᠢᠨᠠᠨ ᠪᠤᠳᠤᠬᠤ ᠠᠵᠢᠯ ᠤᠨ ᠪᠣᠯᠪᠠᠰᠤᠷᠠᠯ ᠤᠨ ᠬᠤᠷᠠᠯ | ᠬᠢᠵᠦ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃ | ᠬᠤᠷᠠᠯ ᠠᠴᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ | ᠡᠳ᠋ ᠤᠨ ᠵᠠᠰᠠᠭ ᠤᠨ ᠠᠵᠢᠯ ᠤᠨ ︽ᠲᠣᠭᠲᠠᠭᠤᠨ ᠢ ᠲᠡᠷᠢᠭᠦᠨ ᠳᠤ ᠲᠠᠯᠪᠢᠵᠤ᠂ ᠪᠣᠳᠠᠲᠠᠢ ᠠᠵᠢᠯᠯᠠᠨ ᠦᠨᠳᠦᠰᠦᠨ | ᠵᠦᠢᠯ ᠢ ᠪᠠᠲᠤᠯᠠᠬᠤ︾ ᠰᠤᠷᠲᠠᠯ ᠢ ᠲᠤᠪᠤᠶᠢᠯᠭᠠᠨ᠂ ᠡᠳ᠋ ᠤᠨ ᠵᠠᠰᠠᠭ ᠤᠨ ᠪᠡᠯᠡ ᠮᠥᠩᠭᠦᠨ ᠤ ᠲᠦᠭᠰᠢᠭᠦᠷᠢ ᠶᠢ | ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠦ᠂ ᠰᠠᠭᠤᠷᠢ ᠲᠤᠭ᠎ᠠ ᠶᠢ ᠲᠣᠳᠣᠷᠬᠠᠢ ᠤᠶᠢᠯᠠᠭᠠᠨ᠂ ᠰᠢᠯᠲᠠᠭᠠᠨ ᠢ | ᠣᠨᠣᠪᠴᠢᠲᠠᠢ ᠡᠷᠢᠵᠦ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠳ᠋ ᠤᠨ ᠵᠠᠰᠠᠭ ᠠᠵᠤ ᠠᠬᠤᠢ ᠶᠢᠨ | ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠶᠢ ᠪᠠᠳᠤᠯᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ | ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠭᠦᠨᠵᠡᠭᠡᠶᠢᠷᠡᠨ | ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠲᠤᠬᠠᠢ | ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠩ ᠴᠢᠩᠭ᠎ᠠ ᠲᠤᠯᠭᠠᠮ᠎ᠠ ᠰᠡᠳᠬᠢᠯᠭᠡ ᠪᠠᠷ ᠡᠳ᠋ ᠤᠨ | ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠲᠠ ᠴᠢᠩᠭᠠᠯᠠᠨ᠂ ᠳᠦᠷᠢᠮ ᠤᠨ ᠤᠯᠠᠭᠠᠨ | ᠱᠤᠭᠤᠮ ᠠᠴᠠ ᠳᠠᠪᠠᠭ᠋ᠤ ᠦᠭᠡᠢ᠂ ᠰᠠᠬᠢᠯᠭ᠎ᠠ ᠪᠠᠲᠤ ᠶᠢᠨ ᠰᠡᠷᠭᠡᠶᠢᠯᠡᠯᠲᠡ ᠶᠢᠨ ᠱᠤᠭᠤᠮ ᠢ ᠬᠦᠨᠳᠡᠬᠦ ᠦᠬᠡᠢ ᠪᠠᠶᠢᠵᠤ᠂ | ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠬᠡᠵᠦ | ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂ ᠬᠢᠨᠠᠨ ᠪᠤᠳᠤᠬᠤ ᠲᠤᠪᠴᠢᠶᠠᠨ ᠤ ᠭᠤᠣᠯ ᠬᠠᠷᠢᠭᠤᠴᠠᠯᠭᠠᠲᠠᠨ | ᠠᠴᠠ 2021᠂ 2022 ᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠤᠶᠠᠯᠳᠤᠭᠤᠯᠵᠤ ᠲᠤᠰᠬᠠᠢ | ᠰᠡᠳᠦᠪᠲᠦ ᠪᠣᠯᠪᠠᠰᠤᠷᠠᠯ ᠬᠢᠵᠡᠢ᠃ ᠯᠢ ᠵᠠᠨ ᠪᠦᠦ᠂ ᠮᠠ ᠵᠥᠩ ᠰᠢᠶᠦ᠋ᠨ ᠵᠢᠴᠢ ᠡᠯ᠎ᠡ ᠰᠤᠮᠤ ᠰᠢᠶᠠᠩ ᠪᠠᠯᠭᠠᠰᠤ᠂ | ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠢᠯ ᠦᠢᠯᠡᠰ ᠤᠨ ᠨᠢᠬᠡᠴᠡ ᠂ ᠣᠯᠠᠨ ᠲᠦᠮᠡᠨᠴᠢ ᠪᠦᠯᠬᠦᠮ ᠤᠨ ᠭᠤᠣᠯ | ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ |