ᠰᠠᠶᠢᠨ ᠴᠢᠮᠡᠭᠡ᠂ ᠲᠡᠮᠦᠷ ᠵᠠᠮ ᠤᠨ 12306 APP ᠣᠯᠠᠨ ᠵᠦᠢᠯ ᠤᠨ ᠰᠢᠨ᠎ᠡ ᠴᠢᠳᠠᠮᠵᠢ ᠲᠠᠢ ᠪᠣᠯᠪᠠ︕
ᠨᠡᠶᠢᠲᠡᠯᠡᠭᠰᠡᠨ ᠴᠠᠭ᠄
2022/11/2
   ᠣᠶᠢᠷ᠎ᠠ ᠳᠤ᠂ ᠲᠡᠮᠦᠷ ᠵᠠᠮ ᠤᠨ 12306 APP ᠳᠠᠬᠢᠨᠲᠠ ᠲᠠᠰ ᠳᠡᠪᠰᠢᠵᠦ᠂ ᠪᠠᠰᠠ ᠣᠯᠠᠨ ᠬᠡᠷᠡᠭᠯᠡᠭᠡᠨ ᠤ ᠴᠢᠳᠠᠮᠵᠢ ᠨᠡᠮᠡᠭᠳᠡᠵᠡᠢ᠂ ᠬᠠᠮᠲᠤ ᠪᠠᠷ ᠣᠶᠢᠯᠠᠭᠠᠶ᠎ᠠ︕    ᠬᠤᠲᠠ ᠶᠢᠨ ᠨᠡᠷ᠎ᠡ ᠪᠠ ᠥᠷᠲᠡᠭᠡᠨ ᠨᠡᠷ᠎ᠡ ᠶᠢ ᠨᠠᠩ ᠲᠣᠳᠣᠷᠬᠠᠶ ᠪᠣᠯᠭᠠᠪᠠ     ᠲᠡᠮᠦᠷ ᠵᠠᠮ ᠤᠨ 12306 APP ᠶᠢᠨ ᠲᠡᠷᠢᠭᠦᠨ ᠬᠠᠭᠤᠳᠠᠰᠤᠨ ᠳᠤ ᠵᠣᠷᠢᠭᠰᠠᠨ ᠭᠠᠵᠠᠷ ᠢᠶᠠᠨ ᠪᠢᠴᠢᠵᠤ ᠣᠷᠣᠭᠤᠯᠪᠠᠯ ᠰᠢᠰᠲ᠋ᠧᠮ ᠳᠤ ᠨᠢ ᠠᠶᠠᠨᠳᠠᠭᠠᠨ ᠲᠡᠷᠭᠡᠨ ᠥᠷᠲᠡᠭᠡᠨ ᠤ ᠵᠢᠭᠰᠠᠭᠠᠯᠲᠠ ᠭᠠᠷᠴᠤ ᠢᠷᠡᠨ᠎ᠡ᠃    ᠠᠶᠠᠯᠠᠯ ᠤᠨ ᠬᠠᠭᠤᠳᠠᠰᠤ ᠶᠢᠨ ᠠᠭᠤᠯᠭ᠎ᠠ ᠨᠠᠩ ᠪᠠᠶᠠᠯᠢᠭ ᠪᠣᠯᠪᠠ    ᠠᠶᠠᠨᠴᠢᠳ ᠭᠠᠯᠲᠤ ᠲᠡᠷᠭᠡᠨ ᠪᠢᠯᠧᠲ ᠢ ᠬᠤᠳᠠᠯᠳᠤᠨ ᠠᠪᠤᠭᠰᠠᠨ ᠤ ᠳᠠᠷᠠᠭ᠎ᠠ᠂ ᠲᠡᠮᠦᠷ ᠵᠠᠮ ᠤᠨ 12306 APP ᠶᠢᠨ ᠲᠡᠷᠢᠭᠦᠨ ᠬᠠᠭᠤᠳᠠᠰᠤᠨ ᠳᠤ ᠲᠣᠰ ᠬᠥᠮᠦᠨ ᠤ ᠠᠶᠠᠯᠠᠯ ᠤᠨ ᠮᠡᠳᠡᠭᠡ ᠵᠠᠩᠭᠢ ᠠᠶᠠᠨᠳᠠᠭᠠᠨ ᠢᠯᠡᠷᠡᠵᠦ᠂ ᠠᠶᠠᠨᠴᠢᠳ ᠪᠠᠰᠠ ᠨᠠᠩ ᠪᠠᠶᠠᠯᠢᠭ ᠠᠭᠤᠯᠭ᠎ᠠ ᠲᠠᠢ ᠶᠠᠪᠤᠵᠤ ᠰᠠᠭᠤᠬᠤ ᠣᠶᠢᠯᠡᠴᠢᠯᠡᠭᠡᠨ ᠤ ᠮᠡᠳᠡᠭᠡ ᠵᠠᠩᠭᠢ ᠶᠢ ᠣᠯᠵᠤ ᠦᠵᠡᠬᠦ ᠪᠣᠯᠤᠨ᠎ᠠ᠃    ᠬᠤᠷᠠᠮᠳᠤᠯ ᠬᠤᠪᠢ ᠢᠶᠠᠷ ᠢᠶᠠᠨ ᠦᠳᠡ ᠶᠢᠨ ᠬᠤᠭᠤᠯᠠ ᠰᠣᠯᠢᠵᠤ ᠪᠣᠯᠤᠨ᠎ᠠ    ᠲᠡᠮᠦᠷ ᠵᠠᠮ ᠤᠨ 12306 APP ᠨᠢ ᠲᠡᠷᠭᠡᠨ ᠳᠤ ᠰᠠᠭᠤᠭᠰᠠᠨ ᠬᠤᠪᠢ ᠬᠤᠷᠠᠮᠳᠤᠭᠤᠯᠬᠤ ᠰᠠᠭᠤᠷᠢᠨ ᠳᠡᠭᠡᠷ᠎ᠡ ᠪᠠᠨ ︽ᠬᠤᠭᠤᠯᠠ ᠲᠤᠭᠲᠠᠬᠤ ᠬᠤᠪᠢ︾ ᠬᠤᠷᠠᠮᠳᠤᠭᠤᠯᠬᠤ ᠴᠢᠳᠠᠮᠵᠢ ᠨᠡᠮᠡᠭᠳᠡᠵᠡᠢ᠃    ᠲᠦᠷ ᠴᠠᠭ ᠶᠢᠨ ᠡᠯᠧᠺᠳ᠋ᠷᠤᠨ ᠪᠡᠶ᠎ᠡ ᠶᠢᠨ ᠦᠨᠡᠮᠯᠡᠯ ᠭᠠᠯᠲᠤ ᠲᠡᠷᠭᠡᠨ ᠳᠤ ᠰᠠᠭᠤᠬᠤ ᠭᠡᠳ ᠪᠡᠶ᠎ᠡ ᠶᠢᠨ ᠦᠨᠡᠮᠯᠡᠯ ᠢᠶᠠᠨ ᠮᠠᠷᠳᠠᠭᠰᠠᠨ ᠪᠣᠯ ᠲᠡᠮᠦᠷ ᠵᠠᠮ ᠤᠨ 12306 APP ︽ᠲᠦᠷ ᠴᠠᠭ ᠤᠨ ᠪᠡᠶ᠎ᠡ ᠶᠢᠨ ᠦᠨᠡᠮᠯᠡᠯ︾ ᠤᠨ ᠠᠰᠠᠭᠤᠳᠠᠯ ᠢ ᠲᠡᠷᠡ ᠲᠠᠷᠣᠢ ᠳᠤᠨᠢ ᠰᠢᠢᠳᠪᠣᠷᠢᠯᠡᠵᠤ ᠲᠡᠶᠢᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号