ᠬᠦᠨᠪᠤᠯᠠᠭ ᠰᠤᠮᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠪᠦᠬᠦ ᠬᠦᠴᠦᠨ ᠢᠶᠠᠷ ᠲᠡᠭᠡᠭᠰᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2022/11/20
ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠵᠢᠱᠢᠶ᠎ᠡ ᠲᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠮᠤᠨ ᠤ ᠨᠠᠮ ᠤᠨ ᠬᠤᠷᠢᠶᠠᠨ ᠤ ᠪᠦᠬᠦ ᠲᠠᠯ᠎ᠠ  ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠲᠦᠯᠦᠭᠡ᠂  ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠭᠡᠰᠢᠬᠦᠳ ᠲᠣᠰ ᠲᠣᠰ ᠤᠨ ᠲᠠᠭᠠᠭᠠᠴᠢᠯᠠᠭᠰᠠᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ  ᠲᠡᠭᠡᠨ  ᠬᠦᠨᠵᠡᠬᠡᠶᠢᠷᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠬᠤ ᠪᠠ  ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃ 11 ᠰᠠᠷ᠎ᠠ ᠶᠢᠨ 9 ᠤ ᠡᠳᠦᠷ᠂  ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠭᠦᠸᠧ ᠰᠢᠶᠣᠣ ᠮᠧᠩ ᠬᠠᠰᠢᠶᠠᠲᠤ ᠭᠠᠴᠠᠭ᠎ᠠ᠂ ᠰᠠᠶᠢᠬᠠᠨᠨᠠᠭᠤᠷ ᠭᠠᠴᠠᠭᠠᠨ ᠳᠤ ᠬᠦᠨᠵᠡᠬᠡᠶᠢᠷᠡᠵᠦ᠂  ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠡᠷᠬᠢᠨ ᠰᠠᠶᠢᠲᠤᠷ ᠰᠤᠷᠤᠯᠴᠠᠬᠤ᠂ ᠰᠠᠶᠢᠲᠤᠷ ᠲᠤᠤᠱᠯᠠᠭᠤᠯᠬᠤ᠂ ᠰᠠᠶᠢᠲᠤᠷ ᠤᠬᠠᠭᠤᠯᠬᠤ᠂ ᠰᠠᠶᠢᠲᠤᠷ ᠤᠶᠠᠯᠳᠤᠭᠤᠯᠬᠤ ᠶᠢᠨ ᠲᠣᠭᠤᠷᠢᠨ ᠳᠤ ᠤᠬᠠᠭᠤᠯᠭ᠎ᠠ ᠲᠠᠶᠢᠯᠤᠮᠵᠢ ᠬᠢᠭᠰᠡᠨ ᠪᠦᠭᠡᠳ ᠭᠠᠴᠠᠭᠠᠨ ᠤ ᠨᠠᠮ ᠤᠨ ᠭᠡᠰᠢᠬᠦᠨ ᠣᠯᠠᠨ ᠲᠦᠮᠡᠨ ᠤ  ᠬᠦᠳᠡᠯᠪᠦᠷᠢ ᠶᠢᠨ ᠰᠠᠭᠤᠷᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠰᠠᠭᠤᠷᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠣᠶᠢᠷ᠎ᠠ ᠶᠢᠨ ᠬᠤᠭᠤᠴᠠᠭᠠᠨ ᠤ ᠭᠤᠣᠯ ᠪᠣᠯᠬᠤ ᠠᠵᠢᠯ ᠡᠭᠦᠷᠭᠡ  ᠪᠠ ᠢᠷᠡᠬᠦ ᠵᠢᠯ ᠤᠨ ᠲᠦᠰᠦᠪ ᠲᠦᠯᠦᠪᠯᠡᠭᠡ ᠲᠠᠢ ᠤᠶᠠᠯᠳᠤᠭᠤᠯᠤᠨ᠂ ᠪᠣᠳᠠᠲᠠᠢ ᠱᠠᠭᠠᠷᠳᠠᠯᠭ᠎ᠠ ᠲᠤᠷᠠᠳᠴᠠᠢ᠃ 11 ᠰᠠᠷ᠎ᠠ ᠶᠢᠨ 18 ᠤ ᠡᠳᠦᠷ᠂  ᠨᠠᠮ ᠤᠨ ᠬᠤᠷᠢᠶᠠᠨ ᠤ ᠱᠦᠵᠢ ᠣᠷᠭᠢᠯ  ᠪᠦᠬᠦᠳᠡ ᠶᠢᠨ ᠣᠪᠣᠭ᠎ᠠ ᠭᠠᠴᠠᠭ᠎ᠠ᠂  ᠲᠡᠷᠡᠰᠦᠨ ᠠᠶᠢᠯ  ᠭᠠᠴᠠᠭᠠᠨ ᠳᠤ ᠬᠦᠨᠵᠡᠬᠡᠶᠢᠷᠡᠵᠦ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ︽ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠬᠤ︾ ᠶᠢᠨ ᠲᠣᠭᠤᠷᠢᠨ ᠳᠤ ᠮᠠᠯᠴᠢᠨ ᠨᠠᠮ ᠤᠨ ᠭᠡᠰᠢᠭᠦᠳ ᠲᠤ ᠨᠠᠮ ᠤᠨ ᠬᠢᠴᠢᠶᠡᠯ ᠤᠷᠤᠭᠰᠠᠨ ᠪᠠᠶᠢᠨ᠎ᠠ᠃  ᠤᠷᠬᠢᠯ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂  ᠵᠣᠷᠯᠣᠩ   ᠤᠨ ᠦᠬᠡᠷᠡᠴᠢᠯᠡᠯᠳᠡ᠂ ᠨᠠᠮ ᠤᠨ ᠪᠠᠶᠢᠭᠤᠯᠤᠯᠲᠠ  ᠂ ᠨᠠᠮ ᠤᠨ ᠭᠡᠰᠢᠬᠦᠨ ᠣᠯᠠᠨ ᠲᠦᠮᠡᠨ ᠤ ᠬᠦᠳᠡᠯᠪᠦᠷᠢ ᠶᠢᠨ ᠰᠠᠭᠤᠷᠢᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠮᠠᠯᠴᠢᠨ ᠨᠠᠮ ᠤᠨ ᠭᠡᠰᠢᠭᠦᠳ ᠲᠠᠢ ᠰᠠᠨᠠᠯ ᠪᠤᠳᠤᠯ ᠢᠶᠠᠨ ᠰᠣᠯᠢᠯᠴᠠᠵᠤ᠂ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢ ᠤᠬᠠᠭᠤᠯᠪᠠ᠃  
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号