ᠬᠤᠰᠢᠭᠤ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/23
   11 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂  ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠢᠶᠧ ᠶᠢᠨ ᠳ᠋ᠦᠩ ᠬᠤᠷᠠᠯ ᠳᠤ ᠣᠷᠣᠯᠴᠠᠨ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂  ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠴᠦᠨ ᠭᠤᠸᠠᠩ   ᠠᠴᠠ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠳᠤ  ᠡᠷᠬᠡ ᠣᠯᠭᠤᠬᠤ  ᠪᠠ ᠡᠭᠦᠷᠭᠡ  ᠬᠤᠪᠢᠶᠠᠷᠢᠯᠠᠬᠤ ᠲᠤᠬᠠᠢ ᠲᠣᠭᠲᠠᠭᠠᠯ ᠢ ᠨᠡᠶᠢᠳᠡᠯᠡᠪᠡ᠃ ᠲᠣᠰ ᠡᠭᠡᠯᠵᠢ ᠶᠢᠨ ᠪᠠᠶᠢᠴᠠᠭᠠᠯᠲᠠ ᠳᠤ 2 ᠪᠠᠶᠢᠴᠠᠭᠠᠬᠤ ᠳᠤᠭᠤᠶᠢᠯᠠᠩ ᠲᠣᠮᠢᠯᠠᠵᠤ᠂ 50 ᠡᠳᠦᠷ ᠤᠨ ᠴᠠᠭ ᠢ ᠭᠡᠷᠡᠭᠰᠡᠨ᠂  6 ᠪᠠᠶᠢᠭᠤᠯᠭ᠎ᠠ ᠨᠢᠭᠡᠴᠡ ᠳᠤ ᠪᠠᠶᠢᠴᠠᠭᠠᠯᠲᠠ  ᠬᠢᠬᠦ ᠪᠠᠷ ᠲᠤᠭᠳᠠᠵᠠᠢ᠃ ᠬᠤᠷᠠᠯ ᠠᠴᠠ᠂ ᠲᠣᠭᠤᠷᠢᠨ ᠪᠠᠶᠢᠴᠠᠭᠠᠬᠤ ᠠᠵᠢᠯ ᠪᠣᠯ ᠨᠠᠮ ᠤᠨ ᠳᠦᠷᠢᠮ ᠢᠶᠠᠷ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠠᠷᠭ᠎ᠠ ᠪᠤᠳᠤᠯᠭ᠎ᠠ ᠪᠤᠯᠤᠨ᠎ᠠ᠂  ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂  ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠮᠳᠠ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠤᠨ ᠴᠢᠬᠤᠯᠠ ᠦᠢᠯᠡᠳᠦᠯ ᠢ ᠭᠦᠢᠴᠡᠳ  ᠪᠠᠳᠠᠷᠠᠭᠤᠯᠤᠨ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠤᠯᠤᠰ ᠲᠦᠷᠦ ᠶᠢᠨ ᠪᠠᠷᠢᠮᠵᠢᠶ᠎ᠠ᠂ ᠤᠯᠤᠰ ᠲᠦᠷᠦ ᠶᠢᠨ ᠱᠠᠭᠠᠷᠳᠠᠯᠭ᠎ᠠ ᠲᠠᠢ ᠬᠠᠷᠢᠴᠠᠭᠤᠯᠤᠨ ᠠᠰᠠᠭᠤᠳᠠᠯ ᠪᠠ ᠵᠥᠷᠢᠶ᠎ᠡ ᠶᠢ ᠡᠷᠢᠵᠦ᠂  ᠬᠠᠤᠯᠢᠵᠢᠯ ᠲᠦᠷᠢᠮᠵᠢᠯ ᠤᠨ ᠱᠠᠭᠠᠷᠳᠠᠯᠭ᠎ᠠ ᠶᠢ ᠬᠢᠨᠠᠯᠲᠠ ᠲᠠᠯᠪᠢᠬᠤ ᠪᠦᠬᠦ ᠶᠠᠪᠤᠴᠠ ᠳᠤ ᠨᠠᠶᠢᠳᠠᠪᠤᠷᠢᠵᠢᠭᠤᠯᠤᠨ᠂ ᠰᠠᠬᠢᠯᠭ᠎ᠠ ᠪᠠᠲᠤ ᠣᠪᠣᠷ ᠰᠤᠷᠲᠠᠯ ᠢ ᠴᠢᠩᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂  ᠰᠠᠬᠢᠯᠭ᠎ᠠ ᠪᠠᠲᠤ ᠬᠠᠤᠯᠢ ᠲᠦᠷᠢᠮ  ᠤᠨ ᠶᠣᠰᠣᠭᠠᠷ ᠬᠢᠨᠠᠯᠲᠠ ᠲᠠᠯᠪᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠳ᠂ ᠲᠤᠭᠤᠷᠢᠨ ᠪᠠᠶᠢᠴᠠᠭᠠᠬᠤ ᠠᠵᠢᠯ ᠤᠨ ᠬᠠᠮᠳᠤᠷᠠᠯᠴᠠᠭᠠᠨ ᠤ ᠲᠣᠭᠲᠠᠴᠠ ᠶᠢᠨ ᠭᠡᠰᠢᠬᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ᠂  ᠳᠥᠷᠪᠡᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠪᠥᠬᠦ  ᠭᠡᠰᠢᠬᠦᠳ ᠵᠢᠴᠢ ᠲᠤᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠪᠥᠬᠦ  ᠺᠠᠳ᠋ᠷᠴᠤᠳ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号