ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠠᠷᠠᠳ ᠤᠯᠠᠨ ᠳᠤ ᠤᠯᠠᠮᠵᠢᠯᠠᠨ᠎ᠠ
ᠨᠡᠶᠢᠲᠡᠯᠡᠭᠰᠡᠨ ᠴᠠᠭ᠄
2022/11/23
ᠣᠶᠢᠷ᠎ᠠ ᠶᠢᠨ ᠡᠳᠦᠷ ᠤᠳ ᠲᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ᠂  ᠬᠤᠷᠢᠳᠤᠭᠠᠷ ᠶᠡᠭᠡ ᠬᠤᠷᠠᠯ ᠤᠨ ᠵᠣᠷᠢᠭ  ᠰᠠᠨᠠᠭᠠᠨ ᠤ ᠦᠨᠳᠦᠰᠦᠨ ᠱᠠᠲᠤᠨ ᠳᠤ ᠨᠠᠶᠢᠳᠠᠪᠤᠷᠢᠵᠢᠨ ᠴᠡᠴᠡᠭᠯᠡᠬᠦ ᠶᠢ ᠠᠬᠢᠭᠤᠯᠬᠤ ᠶᠢᠨ  ᠲᠦᠯᠦᠭᠡ᠂  ᠬᠤᠰᠢᠭᠤ ᠤᠯᠠᠭᠠᠨᠮᠥ᠋ᠴᠢᠷ ᠤᠨ ᠬᠢᠨ ᠮᠠᠯᠵᠢᠬᠤ ᠲᠠᠷᠢᠶᠠᠯᠠᠬᠤ ᠣᠷᠣᠨ᠂ ᠰᠤᠷᠭᠠᠭᠤᠯᠢ ᠶᠢᠨ ᠬᠦᠷᠢᠶ᠎ᠡ᠂  ᠪᠠᠶᠢᠭᠤᠯᠭ᠎ᠠ ᠨᠢᠭᠡᠴᠡ ᠪᠠᠷ ᠬᠦᠨᠵᠡᠬᠡᠶᠢᠷᠡᠵᠦ᠂  ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ ᠰᠤᠨᠢᠷᠬᠠᠭᠤᠯᠤᠨ᠂ ᠤᠯᠠᠨ ᠲᠦᠮᠡᠨ ᠤ  ᠰᠤᠨᠤᠰᠴᠤ ᠰᠤᠨᠢᠷᠬᠠᠭᠤᠰᠢᠳᠠᠢ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠺᠠᠳ᠋ᠷ ᠤᠯᠠᠨ ᠲᠦᠮᠡᠨ ᠳᠤ ᠤᠬᠠᠭᠤᠯᠤᠨ ᠲᠠᠶᠢᠯᠪᠤᠷᠢᠯᠠᠵᠤ ᠪᠤᠢ᠃ 11 ᠰᠠᠷ᠎ᠠ ᠶᠢᠨ 21 ᠤ ᠡᠳᠦᠷ᠂  ᠤᠯᠠᠭᠠᠨᠮᠥ᠋ᠴᠢᠷ ᠤᠨ ᠬᠢᠨ ᠰᠢᠩ ᠹᠦ᠋ ᠰᠢᠶᠠᠩ ᠤᠨ ᠴᠥᠩ ᠭᠤᠸᠠᠩ ᠲᠣᠰᠬᠤᠨ᠂ ᠰᠢᠨ ᠳ᠋ᠧ ᠲᠣᠰᠬᠤᠨ ᠳᠤ  ᠬᠦᠷᠴᠦ᠂  ᠪᠠᠭ᠋ᠠᠷᠬᠠᠯ ᠢ ᠲᠠᠲᠠᠭᠰᠠᠨ ᠤᠷᠠᠨ ᠰᠠᠶᠢᠬᠠᠨ ᠤ ᠲᠣᠭᠯᠠᠯᠲᠠ ᠭᠠᠷᠭᠠᠬᠤ ᠶᠢᠨ ᠲᠠᠭᠠᠤ ᠪᠠᠰᠠ ᠬᠤᠷᠢᠳᠤᠭᠠᠷ ᠶᠡᠭᠡ ᠬᠤᠷᠠᠯ ᠤᠨ ᠵᠣᠷᠢᠭ  ᠰᠠᠨᠠᠭᠠᠨ ᠤ ᠬᠠᠮᠢᠶᠠᠳᠠᠢ ᠠᠰᠠᠭᠤᠯᠲᠠ ᠬᠠᠷᠢᠭᠤᠯᠲᠠ ᠲᠤᠷᠠᠳᠤᠭᠠᠳ᠂  ᠠᠬᠤᠢ ᠲᠠᠯᠠᠪᠠᠢ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠡᠢ᠃  ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠳᠠ ᠲᠠᠢ ᠬᠤᠷᠠᠯᠳᠤᠭᠰᠠᠨ ᠤ ᠳᠠᠷᠠᠭ᠎ᠠ᠂ ᠲᠠᠶᠢᠹᠦᠰᠧ ᠬᠤᠰᠢᠭᠤᠨ ᠤ ᠤᠯᠠᠭᠠᠨᠮᠥ᠋ᠴᠢᠷ  ᠤᠨ ᠬᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠵᠤ᠂  ᠣᠲᠣ ᠪᠣᠯᠲᠠᠯ᠎ᠠ ᠨᠢᠭᠡᠨᠲᠡ 9 ᠲᠠᠯᠠᠪᠠᠢ ᠲᠤᠭᠯᠠᠯᠳᠠ ᠭᠠᠷᠭᠠᠭᠠᠳ᠂ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ  ᠢᠶᠠᠨ ᠭᠦᠢᠴᠡᠳ ᠪᠠᠳᠠᠷᠠᠭᠤᠯᠵᠤ᠂ ︽ᠤᠬᠠᠭᠤᠯᠭ᠎ᠠ ᠲᠠᠶᠢᠯᠤᠮᠵᠢ + ᠤᠳᠬ᠎ᠠ ᠤᠷᠠᠯᠢᠭ︾ ᠤᠨ ᠬᠡᠯᠪᠡᠷᠢ ᠪᠠᠷ ᠠᠷᠠᠳ ᠤᠨ ᠰᠡᠳᠬᠢᠯ ᠢ ᠤᠶᠢᠯᠠᠭᠠᠵᠤ ᠠᠷᠠᠳ ᠲᠦᠮᠡᠨ ᠲᠠᠢ ᠤᠶᠢᠷᠠᠳᠤᠨ᠂ ᠤᠷᠠᠨ ᠭᠤᠴᠤ ᠲᠣᠭᠯᠠᠯᠲᠠ ᠶᠢ ᠠᠷᠠᠳ ᠤᠯᠠᠨ ᠤ ᠳᠤᠮᠳᠠ ᠬᠦᠷᠭᠡᠵᠦ᠂ ᠨᠠᠮ ᠤᠨ ᠲᠠᠭᠤᠨ ᠪᠠ ᠨᠠᠮ ᠤᠨ ᠬᠠᠯᠠᠮᠵᠢᠯᠠᠯ ᠢ ᠠᠷᠠᠳ ᠤᠯᠠᠨ ᠳᠤ ᠲᠠᠮᠵᠢᠭᠤᠯᠤᠨ᠂   ᠶᠡᠭᠡ ᠬᠤᠷᠠᠯ ᠤᠨ ᠵᠣᠷᠢᠭ ᠰᠠᠨᠠᠭᠠᠨ ᠤ ᠲᠤᠬᠠᠢ  ᠤᠯᠠᠨ ᠲᠦᠮᠡᠨ ᠤ ᠣᠶᠢᠯᠠᠭᠠᠯᠲᠠ ᠶᠢ ᠨᠡᠮᠡᠭᠳᠡᠬᠦᠯᠵᠦ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠤᠱᠯᠠᠭᠤᠯᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠠᠢ᠃ ᠤᠶᠢᠯᠠᠭᠠᠭᠰᠠᠨ ᠢᠶᠠᠷ᠂ ᠬᠤᠰᠢᠭᠤ  ᠤᠯᠠᠭᠠᠨᠮᠥ᠋ᠴᠢᠷ ᠤᠨ ᠬᠢᠨ ᠡᠨᠡᠬᠦ ᠠᠵᠢᠯᠯᠠᠭ᠎ᠠ ᠪᠠᠨ 11 ᠰᠠᠷ᠎ᠠ ᠶᠢᠨ ᠡᠴᠦᠰ ᠪᠣᠯᠲᠠᠯ᠎ᠠ ᠦᠷᠬᠦᠯᠵᠢᠯᠡᠬᠦᠯᠬᠦ ᠪᠠᠷ ᠪᠠᠶᠢᠭ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号