ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ ︵120 ᠲᠣᠭᠠᠲᠤ︶
ᠨᠡᠶᠢᠲᠡᠯᠡᠭᠰᠡᠨ ᠴᠠᠭ᠄
2022/11/27
    ᠣᠶᠢᠷ᠎ᠠ ᠳᠤ᠂ ᠵᠠᠷᠢᠮ ᠲᠦᠷᠢᠶᠡᠰᠦᠨ ᠮᠠᠰᠢᠨ᠂  ︽ᠬᠠᠷ᠎ᠠ ᠲᠡᠷᠭᠡ︾  ᠪᠤᠶᠤ ᠬᠤᠪᠢ   ᠶᠢᠨ ᠮᠠᠰᠢᠨ ᠨᠢ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠪᠣᠭᠤᠮᠲᠠ ᠠᠴᠠ ᠵᠤᠷᠢᠭᠤᠳᠠ ᠲᠣᠭᠤᠷᠢᠨ ᠵᠠᠶᠢᠯᠠᠵᠤ᠂    ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠮᠡᠳᠡᠭᠦᠯᠵᠦ ᠳᠠᠩᠰᠠᠯᠠᠭᠤᠯᠬᠤ ᠦᠭᠡᠢ ᠮᠦᠷᠳᠡᠭᠡᠨ ᠱᠠᠭᠠᠷᠳᠠᠯᠭ᠎ᠠ ᠶᠣᠰᠣᠭᠠᠷ ᠬᠠᠷᠢᠯᠴᠠᠬᠤ ᠬᠥᠮᠥᠨ ᠤ ᠪᠠᠨ ᠮᠡᠳᠡᠭᠡ ᠵᠠᠩᠭᠢ ᠶᠢ ᠬᠠᠩᠭᠠᠬᠤ ᠦᠭᠡᠢ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ︽ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ︾ ᠱᠠᠭᠠᠷᠳᠠᠯᠭ᠎ᠠ  ᠶᠢ ᠲᠡᠪᠴᠢᠨ᠂ ᠪᠥᠬᠦ ᠬᠤᠰᠢᠭᠤ᠂ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠨᠳᠦ ᠶᠡᠭᠡ ᠬᠡᠮ ᠰᠣᠭᠤᠭ ᠢ ᠠᠪᠴᠢᠷᠠᠵᠤ ᠂ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠵᠤ ᠠᠬᠤᠢ ᠨᠡᠶᠢᠭᠡᠮ ᠤᠨ ᠡᠮᠬᠢ ᠵᠢᠷᠤᠮ ᠲᠠᠢ ᠶᠠᠪᠤᠭᠳᠠᠯ ᠳᠤ ᠠᠶᠤᠯ ᠲᠦᠭᠰᠢᠭᠦᠷᠢ ᠤᠴᠠᠷᠠᠭᠤᠯᠤᠭᠰᠠᠨ ᠢ  ᠪᠠᠶᠢᠴᠠᠭᠠᠯᠳᠠ ᠶᠢᠨ ᠠᠵᠢᠯ ᠪᠠ ᠣᠯᠠᠨ ᠲᠦᠮᠡᠨ ᠤ ᠮᠡᠳᠡᠬᠦᠯᠦᠯᠳᠡ ᠠᠴᠠ ᠣᠯᠵᠤ ᠮᠡᠳᠡᠭᠰᠡᠨ ᠪᠠᠶᠢᠨ᠎ᠠ  ᠃  ᠡᠨᠡᠬᠦ ᠪᠠᠶᠢᠳᠠᠯ ᠳᠤ ᠴᠢᠭᠯᠡᠭᠦᠯᠦᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ  ᠶᠠᠷᠢᠯᠴᠠᠨ ᠰᠤᠳᠤᠯᠬᠤ ᠪᠠᠷ ᠲᠠᠮᠵᠢᠭᠠᠳ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠤᠰᠬᠠᠢ ᠴᠡᠭᠴᠡᠯᠡᠯᠳᠡ ᠶᠢᠨ ᠠᠵᠢᠯᠯᠠᠭ᠎ᠠ  ᠦᠷᠨᠢᠬᠦᠯᠦᠨ᠂  ᠵᠠᠮ   ᠤᠨ ᠪᠣᠭᠤᠮᠲᠠ ᠶᠢ ᠲᠣᠭᠤᠷᠢᠨ ᠶᠠᠪᠤᠬᠤ᠂  ︽ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ︾ ᠠᠴᠠ ᠵᠠᠶᠢᠯᠠᠬᠤ ᠵᠡᠷᠭᠡ ᠬᠠᠤᠯᠢ ᠪᠤᠰᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ  ᠦᠭᠬᠦ ᠪᠠᠷ ᠲᠤᠭᠳᠠᠵᠠᠢ᠃ ᠡᠭᠦᠨ ᠤ ᠬᠠᠮᠲᠤ᠂  ᠳᠡᠭᠡᠷ᠎ᠡ ᠳᠤᠷᠠᠳᠤᠭᠰᠠᠨ ᠬᠠᠤᠯᠢ ᠪᠤᠰᠤ ᠠᠵᠢᠯᠠᠭᠠᠨ ᠤ ᠲᠤᠬᠠᠢ ᠦᠨᠡᠨ ᠪᠤᠳᠠᠳᠠᠢ ᠰᠦᠪᠡᠭᠴᠢ ᠬᠠᠩᠭᠠᠪᠠᠯ ᠡᠳ᠋ ᠪᠤᠳᠠᠰ ᠢᠶᠠᠷ ᠱᠠᠩᠨᠠᠨ ᠵᠤᠷᠢᠬᠵᠢᠭᠤᠯᠤᠨ᠎ᠠ᠃        ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠢᠯᠡᠴᠢᠯᠡᠨ ᠮᠡᠳᠡᠭᠦᠯᠬᠦ ᠤᠲᠠᠰᠤ᠄ 110 ᠪᠤᠶᠤ 5227110        ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ   ᠤᠨ ᠢᠯᠡᠴᠢᠯᠡᠨ ᠮᠡᠳᠡᠭᠦᠯᠬᠦ ᠤᠲᠠᠰᠤ᠄  5222230 ᠪᠤᠶᠤ 15148545860                                                               ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                                                                                                         2022 ᠤᠨ ᠤ 11 ᠰᠠᠷ᠎ᠠ ᠶᠢᠨ 27 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号