ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠵᠢᠯᠤᠭᠤᠳᠬᠤ ᠭᠠᠵᠠᠷ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2022/11/29
 11 ᠰᠠᠷ᠎ᠠ ᠶᠢᠨ 27 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠤᠭᠤᠳᠤᠭᠴᠢ ᠵᠣᠣ ᠹᠧᠢ ᠫᠧᠩ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠵᠢᠯᠤᠭᠤᠳᠬᠤ ᠭᠠᠵᠠᠷ ᠤᠨ ᠵᠢᠷᠭᠤᠳᠤᠭᠠᠷ ᠤᠳᠠᠭᠠᠨ ᠤ ᠬᠤᠷᠠᠯ ᠢ  ᠡᠷᠬᠢᠯᠡᠨ ᠬᠤᠷᠠᠯᠳᠤᠭᠤᠯᠪᠠ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ ᠭᠠᠳᠠᠨ᠎ᠠ ᠠᠴᠠ ᠣᠷᠣᠬᠤ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠶᠢ ᠭᠤᠶᠢᠪᠢᠰᠢ ᠦᠭᠡᠢ ᠪᠠᠷᠢᠮᠳᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠪᠣᠳᠠᠲᠠᠢ ᠦᠷ᠎ᠡ ᠠᠮᠵᠢᠯᠳᠠ ᠪᠠᠷ ᠢᠶᠠᠨ ᠰᠡᠷᠭᠡᠶᠢᠯᠡᠨ ᠡᠵᠡᠮᠳᠡᠬᠦ ᠪᠤᠭᠤᠮᠳᠠ ᠪᠠᠬᠢᠯᠡᠯᠲᠡ ᠶᠢ ᠪᠠᠬᠢᠵᠢᠭᠦᠯᠬᠦ ᠬᠡᠷᠡᠭᠲᠡᠢ᠃ ︽ᠳᠥᠷᠪᠡᠨ ᠡᠷᠳᠡ︾ ᠶᠢᠨ ᠱᠠᠭᠠᠷᠳᠠᠯᠭ᠎ᠠ ᠶᠢ ᠤᠯᠠᠮ ᠰᠠᠶᠢᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠥᠰ ᠤᠨ ᠬᠢᠨᠠᠯᠲᠡ ᠶᠢ ᠴᠢᠩᠭᠠᠳᠬᠠᠨ᠂ ᠭᠡᠷ   ᠲᠡᠭᠡᠨ ᠲᠤᠰᠠᠭᠠᠷᠯᠠᠵᠤ ᠭᠡᠷ ᠲᠡᠭᠡᠨ ᠠᠵᠢᠭᠯᠠᠬᠤ ᠵᠡᠷᠭᠡ ᠰᠡᠷᠭᠡᠶᠢᠯᠡᠯᠳᠡ ᠶᠢᠨ ᠠᠷᠭ᠎ᠠ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠵᠠᠮ ᠬᠠᠷᠢᠯᠴᠠᠭᠠᠨ ᠤ ᠪᠣᠭᠤᠮᠲᠠ ᠨᠢ ︽ᠲᠤᠬᠠᠢ ᠶᠢᠨ ᠭᠠᠵᠠᠷ   ᠤᠨ ᠪᠠᠶᠢᠴᠠᠭᠠᠯᠳᠠ᠂ ᠲᠤᠬᠠᠢ ᠶᠢᠨ ᠭᠠᠵᠠᠷ   ᠤᠨ ᠬᠠᠮᠢᠶᠠᠷᠤᠯᠳᠠ︾ ᠶᠢ  ᠰᠠᠶᠢᠲᠤᠷ ᠪᠡᠶᠡᠯᠡᠬᠦᠯᠵᠦ᠂  ᠤᠰᠤᠯ ᠭᠠᠷᠬᠤ ᠶᠢ ᠰᠡᠷᠭᠡᠶᠢᠯᠡᠨ᠂ ᠬᠡᠮ ᠰᠣᠭᠤᠭ ᠢ ᠠᠷᠢᠯᠭᠠᠵᠤ᠂ ︽ᠤᠷᠢᠳᠴᠢᠯᠠᠨ ᠰᠡᠷᠭᠡᠶᠢᠯᠡᠬᠦ᠂ ᠡᠷᠲᠡ ᠢᠯᠡᠷᠡᠭᠦᠯᠬᠦ᠂ ᠲᠦᠷᠭᠡᠨ ᠰᠢᠢᠳᠪᠦᠷᠢᠯᠡᠬᠦ︾ ᠶᠢ ᠡᠷᠡᠰ ᠪᠡᠶᠡᠯᠡᠭᠦᠯᠬᠦ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤᠨ ᠤ  ᠬᠢᠨ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠵᠢᠯᠤᠭᠤᠳᠬᠤ ᠰᠢᠰᠲ᠋ᠧᠮ   ᠢ ᠪᠥᠬᠦ ᠲᠠᠯ᠎ᠠ ᠪᠠᠷ ᠠᠵᠢᠯᠯᠠᠭᠤᠯᠤᠨ᠂ ᠭᠡᠨᠡᠳᠲᠡ ᠶᠢᠨ ᠪᠠᠶᠢᠳᠠᠯ ᠭᠠᠷᠪᠠᠯ ᠲᠦᠷᠭᠡᠨ ᠰᠢᠢᠳᠪᠦᠷᠢᠲᠦ ᠪᠣᠳᠣᠯᠭ᠎ᠠ ᠠᠪᠴᠤ᠂ ᠲᠦᠷᠭᠡᠨ ᠠᠷᠭᠠᠴᠠᠵᠤ᠂ ᠲᠦᠷᠭᠡᠨ ᠡᠵᠡᠮᠳᠡᠬᠦ ᠬᠡᠷᠡᠭᠲᠡᠢ᠃   ᠡᠯ᠎ᠡ ᠰᠠᠯᠠᠭ᠎ᠠ ᠮᠥᠴᠢᠷ ᠤᠨ ᠬᠢᠨ  ᠲᠤᠰ ᠲᠤᠰ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠨ᠂ ᠲᠣᠰ ᠠᠵᠢᠯ ᠲᠥᠷᠥᠯ ᠲᠣᠰ ᠰᠢᠰᠲ᠋ᠧᠮ ᠤᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠲᠤᠰᠬᠠᠢ ᠠᠩᠭᠢ ᠶᠢᠨ ᠠᠵᠢᠯ ᠳᠤ ᠪᠥᠬᠦ ᠬᠦᠴᠦᠨ ᠢᠶᠠᠷ ᠢᠳᠡᠪᠬᠢᠳᠡᠢ ᠬᠠᠮᠵᠢᠯᠴᠠᠵᠦ᠂ ᠨᠠᠩ ᠪᠠᠳᠤ ᠵᠣᠷᠢᠭ  ᠂ ᠨᠠᠩ  ᠪᠦᠲᠦᠮᠵᠢᠲᠡᠶ ᠠᠷᠭ᠎ᠠ  ᠂ ᠨᠠᠩ ᠪᠣᠳᠠᠲᠠᠢ ᠰᠤᠷᠲᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠶᠢᠨ ᠤ ᠪᠥᠬᠦ ᠲᠠᠯ᠎ᠠ ᠶᠢᠨ ᠢᠯᠠᠯᠲᠠ ᠶᠢ ᠣᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠬᠡᠵᠦ ᠱᠠᠭᠠᠷᠳᠠᠪᠠ᠃ ᠬᠤᠷᠠᠯ ᠳᠡᠭᠡᠷ᠎ᠡ ᠂  ᠬᠤᠰᠢᠭᠤ ᠨᠠᠮ ᠤᠨ ᠬᠤᠷᠢᠶᠠᠨ ᠤ  ᠲᠡᠳ᠋ ᠱᠦᠵᠢ᠂  ᠬᠤᠰᠢᠭᠤ ᠳᠠᠷᠤᠭ᠎ᠠ᠂  ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠵᠢᠯᠤᠭᠤᠳᠬᠤ ᠭᠠᠵᠠᠷ ᠤᠨ ᠶᠡᠷᠦᠩᠬᠡᠢ ᠺᠣᠮᠠᠨᠳ᠋ᠯᠠᠭᠴᠢ ᠴᠧᠨ ᠶᠠᠨ ᠪᠦᠦ ᠠᠴᠠ  ᠪᠦᠬᠡᠮ ᠬᠦᠴᠢᠯ ᠤᠨ ᠪᠠᠶᠢᠴᠠᠭᠠᠯᠲᠠ᠂ ᠭᠤᠣᠯᠳᠠᠯᠭ᠎ᠠ ᠲᠠᠢ ᠬᠥᠮᠥᠰ ᠤᠨ ᠪᠢᠳᠡᠬᠦᠮᠵᠢᠯᠡᠭᠰᠡᠨ ᠬᠠᠮᠢᠶᠠᠷᠤᠯᠲᠠ᠂ ᠭᠡᠷ ᠲᠡᠭᠡᠨ ᠲᠤᠰᠠᠭᠠᠷᠯᠠᠬᠤ ᠵᠢᠴᠢ ᠲᠠᠯᠠᠪᠤᠷ ᠤᠨ ᠺᠤᠳ᠋ ᠶᠢ ᠪᠦᠳᠦᠮᠵᠢᠳᠡᠢ ᠭᠡᠷᠡᠭᠯᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠠᠯᠠᠪᠠᠷ ᠪᠠᠶᠢᠷᠢᠯᠠᠭᠤᠯᠤᠯᠳᠠ ᠬᠢᠵᠡᠢ᠃  ᠵᠢᠯᠤᠭᠤᠳᠬᠤ ᠭᠠᠵᠠᠷ ᠤᠨ ᠡᠯ᠎ᠡ ᠲᠤᠰᠬᠠᠢ ᠠᠩᠭᠢ ᠶᠢᠨ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号