ᠬᠠᠷᠠᠭᠤᠯ ᠤᠨ ᠡᠬᠦᠷᠭᠡ ᠪᠠᠨ ᠰᠠᠶᠢᠲᠤᠷ ᠬᠦᠢᠴᠡᠳᠭᠡᠵᠦ  ︽ᠨᠢᠭᠡᠳᠦᠭᠡᠷ ᠪᠣᠭᠤᠮᠲᠠ︾  ᠶᠢ ᠪᠠᠲᠤ ᠰᠠᠬᠢᠨᠠᠮ
ᠨᠡᠶᠢᠲᠡᠯᠡᠭᠰᠡᠨ ᠴᠠᠭ᠄
2022/11/29
  ᠵᠠᠮ ᠬᠠᠷᠢᠯᠴᠠᠭᠠᠨ ᠤ ᠪᠤᠭᠤᠮᠳᠠ ᠪᠤᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠬᠠᠷᠠᠭᠤᠯ ᠤᠨ ᠴᠡᠭ  ᠂ ︽ ᠭᠠᠳᠠᠨ᠎ᠠ ᠠᠴᠠ ᠣᠷᠣᠬᠤ ᠶᠢ ᠰᠡᠷᠭᠡᠶᠢᠯᠡᠬᠦ︾ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠣᠨ᠎ᠠ᠃  ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠢᠵᠢᠭ ᠤᠨ ᠪᠠᠶᠢᠳᠠᠯ ᠤᠨ ᠡᠮᠦᠨ᠎ᠡ᠂  ᠦᠨᠳᠦᠰᠦᠨ ᠱᠠᠲᠤᠨ ᠤ ᠨᠠᠮ ᠤᠨ ᠭᠡᠰᠢᠭᠦᠨ᠂ ᠺᠠᠳ᠋ᠷ ᠠᠵᠢᠯᠲᠠᠨ  ᠂ ᠡᠮᠴᠢ ᠰᠤᠪᠢᠯᠠᠭᠴᠢ᠂  ᠴᠠᠭᠳᠠᠭ᠎ᠠ᠂ ᠰᠠᠶᠢᠨ ᠲᠤᠷᠠᠳᠠᠳ ᠵᠡᠷᠭᠡ ᠡᠯ᠎ᠡ ᠲᠠᠯ᠎ᠠ ᠶᠢᠨ ᠬᠦᠴᠦᠨ ᠢᠶᠠᠷ ᠪᠦᠷᠢᠯᠳᠦᠭᠰᠡᠨ  ᠵᠢᠵᠢᠬᠦᠷ ᠤᠨ  ᠡᠩᠨᠡᠭᠡ  ᠲᠠᠶᠢᠹᠤᠰᠧ ᠬᠤᠰᠢᠭᠤᠨ ᠤ 8 ᠴᠢᠬᠤᠯᠠ ᠵᠠᠮ ᠤᠨ ᠪᠣᠭᠤᠮᠲᠠ ᠶᠢ 24 ᠴᠠᠭ ᠢᠶᠠᠷ ᠡᠭᠡᠯᠵᠢᠯᠡᠨ ᠰᠠᠬᠢᠵᠤ ᠢᠷᠡᠭᠰᠡᠨ ᠶᠤᠮ᠃ ᠡᠪᠦᠯ  ᠤᠷᠤᠵᠤ ᠲᠡᠭᠷᠢ ᠬᠦᠢᠳᠡᠷᠡᠭᠰᠡᠨ ᠪᠤᠯᠪᠠᠴᠤ᠂  ᠡᠳᠡᠭᠡᠷ ᠠᠵᠢᠯᠳᠠᠳ ᠰᠠᠯᠬᠢ  ᠵᠢᠪᠠᠷ ᠢ ᠰᠥᠷᠦᠨ᠂ ᠬᠠᠬᠢᠷ ᠬᠦᠢᠲᠡᠨ ᠲᠠᠢ ᠲᠡᠮᠡᠴᠡᠵᠦ᠂  ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠢ ᠡᠳᠦᠷ ᠰᠥᠨᠢ ᠦᠭᠡᠢ ᠪᠠᠲᠤ ᠰᠠᠬᠢᠨ᠂ ᠬᠢᠵᠢᠭ  ᠰᠡᠷᠭᠡᠶᠢᠯᠡᠯᠳᠡ ᠶᠢᠨ ᠪᠤᠯᠤᠳ ᠬᠡᠷᠡᠮ ᠢ  ᠴᠤᠭᠴᠠᠯᠠᠵᠤ᠂ ᠪᠦᠭᠦ ᠬᠤᠰᠢᠭᠤᠨ ᠤ ᠠᠷᠠᠳ ᠲᠦᠮᠡᠨ ᠤ ᠠᠮᠤᠷ ᠲᠦᠪᠰᠢᠨ ᠡᠷᠡᠭᠦᠯ ᠮᠠᠨᠲᠤ ᠶᠢ ᠬᠠᠮᠠᠭᠠᠯᠠᠵᠤ ᠪᠤᠢ᠃  ᠵᠢᠵᠢᠬᠦᠷ ᠤᠨ ᠠᠵᠢᠯᠲᠠᠳ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠨ ᠬᠢᠭᠰᠡᠨ ᠤᠷᠢᠲᠠᠯ ᠳᠣᠣᠷ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠠᠮᠤᠭ ᠤᠨ ᠰᠢᠨ᠎ᠡ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠣᠰᠣᠭᠠᠷ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠭᠤᠭᠴᠤᠭ᠎ᠠ ᠨᠢᠭᠡᠪᠦᠷᠢ ᠳᠤ ᠤᠰᠤᠯ ᠠᠯᠳᠠᠭ᠎ᠠ ᠭᠠᠷᠭᠠᠬᠤ ᠦᠭᠡᠢ᠂ ᠥᠨᠳᠥᠷ ᠪᠦᠲᠦᠮᠵᠢᠲᠡᠶ ᠠᠵᠢᠯᠯᠠᠬᠤ ᠪᠠᠷ ᠴᠢᠷᠮᠠᠶᠢᠵᠠᠭᠠᠨ᠎ᠠ᠃ ᠲᠠᠳᠠ ᠲᠠᠰᠤᠷᠠᠯ ᠦᠬᠡᠢ ᠵᠦᠷᠢᠯᠳᠦᠬᠦ ᠲᠡᠷᠭᠡ ᠬᠦᠰᠭᠡ ᠶᠢ ᠨᠢᠬᠡᠳ ᠨᠢᠬᠡ ᠪᠠᠷ ᠵᠤᠭᠰᠤᠭᠠᠨ᠂ ᠮᠡᠳᠡᠭᠡ ᠵᠠᠩᠭᠢ ᠶᠢ ᠳᠠᠩᠰᠠᠯᠠᠬᠤ᠂  ᠪᠡᠶ᠎ᠡ ᠶᠢᠨ ᠬᠠᠯᠠᠭᠤᠨ ᠢ ᠬᠡᠮᠵᠢᠬᠦ᠂  ︽ᠭᠤᠷᠪᠠᠨ ᠺᠣᠳ᠋︾   ᠶᠢ ᠰᠢᠯᠭᠠᠬᠤ᠂ ᠭᠤᠣᠯᠳᠠᠯᠭ᠎ᠠ ᠲᠠᠢ ᠬᠦᠮᠦᠰ ᠢ ᠪᠠᠶᠢᠴᠠᠭᠠᠬᠤ ᠵᠡᠷᠭᠡ ᠠᠵᠢᠯ ᠢ ᠬᠦᠯᠢᠴᠡᠩᠭᠦᠢ ᠪᠥᠭᠡᠳ ᠨᠢᠮᠪᠠᠢ ᠬᠢᠵᠦ᠂ ︽ᠨᠢᠭᠡ ᠲᠡᠷᠭᠡ ᠶᠢ ᠴᠦ ᠭᠡᠭᠡᠭᠳᠡᠬᠦᠯᠬᠦ ᠦᠭᠡᠢ᠂ ᠨᠢᠭᠡ ᠬᠥᠮᠥᠨ ᠢ ᠴᠦ  ᠤᠷᠬᠢᠭᠳᠠᠭᠤᠯᠬᠤ ᠦᠭᠡᠢ︾ ᠪᠠᠶᠢᠬᠤ ᠶᠢ ᠦᠨᠡᠨ ᠬᠦ  ᠪᠡᠶᠡᠯᠡᠬᠦᠯᠬᠦ ᠶᠢᠨ ᠬᠠᠮᠳᠤ᠂  ︽ ᠬᠦᠷᠦᠭᠰᠡᠨ ᠭᠠᠵᠠᠷ  ᠲᠤᠨᠢ ᠪᠠᠶᠢᠴᠠᠭᠠᠬᠤ︾ ᠠᠷᠭ᠎ᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠶᠢ  ᠲᠥᠷᠥᠯ ᠬᠤᠪᠢᠶᠠᠨ ᠰᠠᠶᠢᠲᠤᠷ ᠬᠢᠵᠦ᠂ ᠪᠠᠶᠢᠴᠠᠭᠠᠨ ᠰᠢᠯᠭᠠᠬᠤ ᠠᠯᠬᠤᠮ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠲᠦᠷᠭᠡᠨ ᠪᠠᠶᠢᠴᠠᠭᠠᠵᠤ ᠲᠦᠷᠭᠡᠨ ᠨᠡᠪᠳᠡᠷᠡᠬᠦᠯᠬᠦ ᠶᠢ ᠦᠨᠡᠨ ᠬᠦ ᠪᠠᠲᠤᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ  ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠠᠳᠤᠯᠠᠵᠤ ᠪᠠᠶᠢᠨ᠎ᠠ᠃  ︵11.29︶
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号