ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2022/11/29
    ᠣᠶᠢᠷ᠎ᠠ ᠶᠢᠨ ᠬᠤᠭᠤᠴᠠᠭᠠᠨ ᠳᠤ᠂ ᠲᠥᠮᠥᠰᠥ ᠲᠡᠭᠡᠭᠡᠪᠦᠷᠢᠯᠡᠬᠦ ᠠᠵᠢᠯ ᠤᠨ ᠲᠤᠮᠳᠠ ᠵᠠᠷᠢᠮ ᠬᠢᠵᠢᠭ ᠤᠨ ᠲᠦᠭᠰᠢᠭᠦᠷᠢ ᠲᠠᠢ ᠭᠠᠵᠠᠷ ᠣᠷᠣᠨ ᠤ ᠲᠡᠷᠭᠡ ᠤᠨᠤᠭ᠎ᠠ ᠨᠢ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠳᠤ ᠵᠣᠬᠢᠬᠤ ᠬᠡᠮᠵᠢᠶᠡᠨ ᠤ ᠠᠶᠤᠯ ᠭᠡᠮ ᠢ ᠪᠤᠢ ᠪᠤᠯᠭᠠᠭᠰᠠᠨ ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠡᠯ᠎ᠡ ᠲᠦᠷᠦᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠲᠡᠢ ᠲᠥᠯᠥᠪᠯᠡᠬᠦ ᠶᠢᠨ ᠲᠤᠰᠠᠳᠠ᠂ ᠬᠤᠯᠪᠣᠭᠳᠠᠯ ᠪᠦᠬᠦᠢ ᠠᠵᠢᠯ ᠤᠨ ᠲᠠᠯ᠎ᠠ ᠪᠠᠷ ᠳᠣᠣᠷᠠᠬᠢ ᠮᠡᠲᠦ ᠱᠠᠭᠠᠷᠳᠠᠯᠭ᠎ᠠ ᠲᠤᠷᠠᠳᠪᠠ᠄     1. ᠤᠷᠢᠳᠴᠢᠯᠠᠨ ᠳᠠᠩᠰᠠᠯᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠥᠮᠥᠰᠥ ᠬᠤᠳᠠᠯᠳᠤᠭᠴᠢ ᠨᠢ ᠡᠷᠬᠡᠪᠰᠢ ᠮᠡᠳᠡᠭᠦᠯᠦᠨ ᠳᠠᠩᠰᠠᠯᠠᠭᠤᠯᠬᠤ ᠱᠠᠭᠠᠷᠳᠠᠯᠭ᠎ᠠ  ᠶᠢ ᠵᠢᠷᠤᠮᠯᠠᠵᠤ᠂  ᠲᠦᠮᠦᠰᠦᠨ ᠤ ᠵᠣᠭᠤᠷᠢ ᠳᠤ ᠣᠴᠢᠵᠤ ᠲᠥᠮᠥᠰᠥ ᠲᠡᠭᠡᠭᠡᠪᠦᠷᠢᠯᠡᠬᠦ ᠲᠡᠷᠭᠡ ᠪᠠ ᠬᠦᠮᠦᠨ ᠤ ᠮᠡᠳᠡᠭᠡ ᠵᠠᠩᠭᠢ ᠶᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶  ᠵᠢᠴᠢ ᠬᠠᠮᠢᠶ᠎ᠠ ᠪᠦᠬᠦᠢ ᠵᠠᠮ ᠬᠠᠷᠢᠯᠴᠠᠭᠠᠨ ᠤ ᠪᠣᠭᠤᠮᠲᠠ ᠳᠤ ᠤᠷᠢᠳᠴᠢᠯᠠᠨ ᠮᠡᠳᠡᠭᠦᠯᠵᠤ᠂  ᠲᠤᠰᠤᠨ ᠠᠪᠬᠤ ᠨᠢᠭᠡᠴᠡ  ᠪᠤᠶᠤ ᠬᠤᠪᠢ ᠬᠦᠮᠦᠨ ᠤ ᠪᠠᠨ ᠨᠡᠷ᠎ᠡ ᠤᠪᠤᠭ᠂ ᠬᠠᠷᠢᠯᠴᠠᠬᠤ ᠠᠷᠭ᠎ᠠ ᠶᠢ  ᠬᠠᠩᠭᠠᠬᠤ ᠭᠡᠷᠡᠭᠳᠡᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ ᠪᠠᠶᠢᠳᠠᠯ ᠢ  ᠦᠨᠳᠦᠰᠦᠯᠡᠵᠦ ᠪᠠᠶᠢᠭᠠᠳ ᠭᠥᠯᠢᠶᠡᠨ ᠠᠪᠬᠤ ᠶᠢ ᠵᠥᠪᠰᠢᠶᠡᠷᠡᠭᠰᠡᠨ ᠭᠡᠷᠡᠴᠢ  ᠭᠠᠷᠭᠠᠵᠤ ᠦᠭᠬᠦᠨ᠎ᠡ᠃   2. ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠬᠡᠨ ᠲᠤᠰᠴᠤ ᠠᠪᠤᠪᠠᠯ ᠬᠡᠨ ᠬᠠᠷᠢᠭᠤᠴᠠᠬᠤ︾ ︽ᠬᠡᠨ ᠤ ᠡᠵᠡᠩᠨᠡᠯᠲᠡ ᠶᠢᠨ ᠭᠠᠵᠠᠷ ᠲᠤ ᠪᠠᠶᠢᠪᠠᠯ ᠬᠡᠨ ᠬᠠᠷᠢᠭᠤᠴᠠᠬᠤ︾ ︽ ᠬᠡᠨ ᠭᠡᠷᠡᠴᠢ ᠭᠠᠷᠭᠠᠵᠤ ᠦᠭᠬᠦᠭᠰᠡᠨ  ᠪᠤᠯ ᠬᠡᠨ ᠬᠠᠷᠢᠭᠤᠴᠠᠬᠤ︾ ︽ᠬᠡᠨ ᠳᠠᠭᠠᠭᠠᠴᠢᠯᠠᠨ ᠠᠪᠤᠭᠰᠠᠨ ᠪᠣᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠢᠷᠡᠵᠦ ᠶᠠᠪᠤᠬᠤ ᠲᠡᠷᠭᠡ ᠪᠠ ᠬᠦᠮᠦᠨ ᠤ ︽ᠴᠢᠭ᠋ ᠠᠴᠠ ᠴᠢᠭ᠋ ᠲᠤ ᠬᠦᠷᠬᠦ︾  ᠵᠣᠯᠭᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ  ᠬᠡᠷᠡᠭᠲᠡᠢ᠃     3.  ᠪᠢᠳᠡᠬᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃  ᠲᠦᠭᠰᠢᠭᠦᠷᠢ ᠶᠡᠬᠡᠲᠡᠢ ᠭᠠᠵᠠᠷ ᠣᠷᠣᠨ ᠠᠴᠠ ᠢᠷᠡᠭᠰᠡᠨ ᠲᠥᠮᠥᠰᠥ ᠲᠡᠭᠡᠭᠡᠪᠦᠷᠢᠯᠡᠬᠦ ᠲᠡᠷᠭᠡ ᠬᠥᠰᠬᠡ ᠳᠤ   ᠶᠢ ᠵᠠᠮ ᠬᠠᠷᠢᠯᠴᠠᠭᠠᠨ ᠤ ᠪᠣᠭᠤᠮᠲᠠ   ᠠᠴᠠ ᠡᠬᠢᠯᠡᠭᠡᠳ ᠲᠦᠮᠦᠰᠦᠨ ᠤ ᠵᠣᠭᠤᠷᠢ᠂ ᠦᠢᠯᠡᠳᠪᠦᠷᠢ ᠶᠢᠨ ᠲᠣᠭᠤᠷᠢᠭ ᠵᠡᠷᠭᠡ ᠡᠵᠡᠩᠨᠡᠯᠲᠡ ᠶᠢᠨ ᠭᠠᠵᠠᠷ ᠲᠤ ᠬᠦᠷᠲᠡᠯ᠎ᠡ ᠡᠷᠬᠡᠪᠰᠢ ᠪᠢᠲᠡᠭᠦᠮᠵᠢᠯᠡᠬᠦ ᠬᠠᠭᠤᠳᠠᠰᠤ ᠨᠠᠭᠠᠵᠤ᠂  ᠠᠵᠢᠯᠯᠠᠵᠤ ᠪᠠᠶᠢᠭ᠎ᠠ ᠬᠥᠮᠥᠰ ᠪᠥᠬᠦ ᠶᠠᠪᠤᠴᠠ ᠳᠤ ᠠᠮᠠᠪᠴᠢ  ᠵᠡᠬᠦᠬᠦ ᠭᠡᠷᠡᠭᠳᠡᠢ᠃  ᠲᠡᠭᠡᠭᠡᠵᠦ ᠪᠠᠭᠤᠯᠭᠠᠵᠤ ᠪᠠᠷᠠᠭᠰᠠᠨ ᠤ ᠳᠠᠷᠠᠭ᠎ᠠ  ᠰᠢᠭᠤᠳ  ᠪᠢᠳᠡᠬᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠤᠰᠤᠭᠠᠷ ᠬᠤᠰᠢᠭᠤᠨ ᠠᠴᠠ ᠭᠠᠷᠳᠠᠯ᠎ᠠ ᠲᠠᠭᠠᠵᠤ ᠬᠦᠷᠭᠡᠨ᠎ᠡ᠃     4. ᠦᠢᠯᠡᠳᠪᠦᠷᠢ ᠠᠭᠤᠷᠬᠠᠢ ᠠᠵᠤ ᠠᠬᠤᠶᠢᠯᠠᠯ ᠪᠠ ᠲᠦᠷᠭᠡᠨ ᠤ ᠵᠠᠮ ᠤᠨ ᠰᠦᠢᠳᠬᠡᠯ ᠬᠤᠷᠢᠶᠠᠬᠤ ᠦᠷᠳᠡᠭᠡᠨ ᠤ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃  ᠠᠵᠤ ᠠᠬᠤᠶᠢᠯᠠᠯ᠂ ᠦᠢᠯᠡᠳᠪᠦᠷᠢ ᠠᠭᠤᠷᠬᠠᠢ   ᠶᠢᠨ ᠭᠠᠳᠠᠷ ᠣᠷᠣᠨ   ᠠᠴᠠ ᠪᠤᠴᠠᠵᠤ ᠢᠷᠡᠭᠰᠡᠨ ᠬᠥᠮᠥᠰ ᠲᠤ ︽ᠴᠢᠭ᠋ ᠠᠴᠠ ᠴᠢᠭ᠋ ᠲᠤ ᠬᠦᠷᠬᠦ︾ ᠵᠤᠯᠭᠠᠭᠤᠯᠤᠯᠳᠠ ᠶᠢᠨ ᠲᠦᠷᠢᠮ ᠢ ᠭᠡᠷᠡᠭᠵᠢᠬᠦᠯᠵᠦ᠂ ᠭᠥᠯᠢᠶᠡᠨ ᠠᠪᠤᠭᠴᠢ ︵ᠨᠢᠭᠡᠴᠡ︶ ᠪᠣᠯᠣᠨ ᠭᠥᠯᠢᠶᠡᠨ ᠠᠪᠬᠤ ᠶᠢ ᠵᠦᠪᠰᠢᠶᠡᠷᠡᠵᠦ ᠭᠡᠷᠡᠴᠢ ᠭᠠᠷᠭᠠᠵᠤ ᠥᠭᠭᠦᠭᠰᠡᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠢᠷᠡᠭᠰᠡᠨ ᠬᠥᠮᠥᠰ ᠢ ᠱᠠᠭᠠᠷᠳᠠᠵᠤ ᠪᠠᠶᠢᠭᠠᠳ  ᠢᠷᠡᠭᠰᠡᠨ ᠤ ᠲᠠᠷᠠᠭᠠᠬᠢ 1᠂ 3᠂ 5᠂ 7 ᠳ᠋ᠤᠭᠠᠷ ᠡᠳᠦᠷ ᠲᠤ ᠣᠶᠢᠷ᠎ᠠ ᠬᠠᠪᠢ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠪᠥᠭᠡᠮ ᠬᠦᠴᠢᠯ ᠤᠨ ᠪᠠᠶᠢᠴᠠᠭᠠᠯᠳᠠ ᠬᠢᠯᠬᠡᠬᠦ ᠶᠢᠨ ᠬᠠᠮᠲᠤ᠂  ᠪᠠᠶᠢᠴᠠᠭᠠᠯᠳᠠ ᠶᠢᠨ ᠳ᠋ᠦᠩ ᠢ ᠰᠤᠮᠤ ᠰᠢᠶᠠᠩ ᠪᠠᠯᠭᠠᠰᠤᠨ ᠤ ᠭᠠᠴᠠᠭ᠎ᠠ ᠲᠣᠰᠬᠤᠨ ᠲᠠᠭᠠᠭᠠᠴᠢᠯᠠᠭᠰᠠᠨ  ᠺᠠᠳ᠋ᠷ ᠲᠤ  ᠮᠡᠳᠡᠬᠦᠯᠦᠨ ᠳᠠᠩᠰᠠᠯᠠᠭᠤᠯᠬᠤ ᠬᠡᠷᠡᠭᠲᠡᠢ᠃     5. ᠡᠯ᠎ᠡ ᠭᠠᠴᠠᠭ᠎ᠠ ᠲᠣᠰᠬᠤᠨ ᠨᠢ ᠲᠦᠮᠦᠰᠦᠨ ᠤ ᠵᠣᠭᠤᠷᠢ ᠳᠤ ᠠᠵᠢᠯᠯᠠᠵᠤ ᠪᠠᠶᠢᠭ᠎ᠠ ᠲᠤᠬᠠᠢ ᠶᠢᠨ ᠭᠠᠵᠠᠷ ᠤᠨ ᠢᠶᠠᠨ ᠠᠷᠠᠳ ᠢᠷᠭᠡᠳ ᠢ  ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂  ᠤᠶᠢᠷ᠎ᠠ ᠬᠠᠪᠢ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠤᠴᠢᠭᠤᠯᠤᠨ ᠪᠥᠭᠡᠮ ᠬᠦᠴᠢᠯ ᠤᠨ ᠪᠠᠶᠢᠴᠠᠭᠠᠯᠳᠠ ᠬᠢᠯᠭᠡᠬᠦ ᠬᠡᠷᠡᠭᠲᠡᠢ᠃     6. ᠭᠠᠳᠠᠷ ᠣᠷᠣᠨ ᠠᠴᠠ ᠨᠤᠲᠤᠭ ᠲᠠᠭᠠᠨ ᠪᠤᠴᠠᠭᠰᠠᠳ ᠲᠤ ᠡᠯ᠎ᠡ ᠰᠤᠮᠤ ᠰᠢᠶᠠᠩ ᠪᠠᠯᠭᠠᠰᠤ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶   ᠨᠢ ︽ᠴᠡᠭ ᠠᠴᠠ ᠴᠡᠭ ᠲᠤ ᠬᠦᠷᠭᠡᠬᠦ︾   ᠂  ᠪᠢᠳᠡᠬᠦᠮᠵᠢᠯᠡᠨ ᠬᠠᠮᠢᠶᠠᠷᠬᠤ᠂ 7 ᠡᠳᠦᠷ  ᠭᠡᠷ ᠲᠤᠨᠢ ᠲᠤᠰᠠᠭᠠᠷᠯᠠᠬᠤ ᠵᠡᠷᠭᠡ ᠠᠷᠭ᠎ᠠ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃      7. ᠪᠤᠰᠤᠳ ᠢ  ᠤᠷᠤᠯᠠᠵᠤ ︽ᠲᠤᠰᠤᠨ ᠠᠪᠤᠭᠴᠢ︾ ᠪᠣᠯᠬᠤ᠂  ᠬᠠᠷᠢᠭᠤᠴᠠᠯᠭ᠎ᠠ ᠠᠯᠳᠠᠵᠤ  ᠵᠦᠪᠰᠢᠶᠡᠷᠡᠯ  ᠤᠨ ᠭᠡᠷᠡᠴᠢ ᠶᠢ ᠳᠤᠷ᠎ᠠ ᠪᠠᠷ ᠢᠶᠠᠨ ᠭᠠᠷᠭᠠᠵᠤ ᠥᠭᠬᠦ ᠶᠢ ᠴᠢᠩᠭ᠎ᠠ ᠴᠠᠭᠠᠵᠠᠯᠠᠨ᠎ᠠ᠃      ᠬᠤᠰᠢᠭᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ 0479 ︱ 5230665      ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675      ᠪᠤᠤᠴᠠᠩ ᠪᠠᠯᠭᠠᠰᠤ ︵ᠨᠡᠶᠢᠭᠡᠮ ᠲᠣᠭᠤᠷᠢᠭ︶ ᠶᠢᠨ ᠵᠢᠵᠢᠭᠦᠷᠯᠡᠬᠦ ᠤᠲᠠᠰᠤ᠄ 0479 ︱ 5222227      ᠵᠢᠶᠠᠨ ᠰᠢᠩ ᠨᠡᠶᠢᠭᠡᠮ ᠲᠣᠭᠤᠷᠢᠭ᠄ 13644792511      ᠪᠦᠦ ᠹᠧᠩ ᠨᠡᠶᠢᠭᠡᠮ ᠲᠣᠭᠤᠷᠢᠭ᠄ 13947930729      ᠨᠠᠨ ᠵᠢᠶᠣᠣ ᠨᠡᠶᠢᠭᠡᠮ ᠲᠣᠭᠤᠷᠢᠭ᠄ 18847938988      ᠰᠢᠨ ᠬᠤᠸᠠ ᠨᠡᠶᠢᠭᠡᠮ ᠲᠣᠭᠤᠷᠢᠭ᠄ 13947395770       ᠲᠠᠢ ᠫᠢᠩ ᠨᠡᠶᠢᠭᠡᠮ ᠲᠣᠭᠤᠷᠢᠭ᠄ 15849930009      ᠳ᠋ᠦᠩ ᠵᠢᠶᠣᠣ ᠨᠡᠶᠢᠭᠡᠮ ᠲᠣᠭᠤᠷᠢᠭ᠄ 13947966967      ᠬᠦᠨᠪᠤᠯᠠᠭ  ᠰᠤᠮᠤᠨ ᠤ ᠵᠢᠵᠢᠭᠦᠷᠯᠡᠬᠦ ᠤᠲᠠᠰᠤ᠄ 0479 ︱ 5887015     13234794613      ᠴᠢᠶᠠᠨ ᠶᠢᠨ ᠭᠧᠦ ᠪᠠᠯᠭᠠᠰᠤᠨ ᠤ ᠵᠢᠵᠢᠭᠦᠷᠯᠡᠬᠦ ᠤᠲᠠᠰᠤ᠄ 0479-2265514    15249535203      ᠬᠤᠩ ᠴᠢ ᠪᠠᠯᠭᠠᠰᠤᠨ ᠤ ᠵᠢᠵᠢᠭᠦᠷᠯᠡᠬᠦ ᠤᠲᠠᠰᠤ᠄ 0479 ︱ 5823064      ᠯᠦᠸᠧ ᠲᠦᠸᠧ ᠱᠠᠨ ᠪᠠᠯᠭᠠᠰᠤᠨ ᠤ ᠵᠢᠵᠢᠭᠦᠷᠯᠡᠬᠦ ᠤᠲᠠᠰᠤ᠄ 0479 ︱ 5855017      ᠶᠦᠩ ᠹᠧᠩ ᠪᠠᠯᠭᠠᠰᠤᠨ ᠤ ᠵᠢᠵᠢᠭᠦᠷᠯᠡᠬᠦ ᠤᠲᠠᠰᠤ᠄ 0479-2265106      ᠰᠢᠩ ᠹᠦ᠋ ᠰᠢᠶᠠᠩ ᠤᠨ ᠵᠢᠵᠢᠭᠦᠷᠯᠡᠬᠦ ᠤᠲᠠᠰᠤ᠄ 0479-589968     15547956376                     ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                           2022 ᠣᠨ ᠤ 11 ᠰᠠᠷ᠎ᠠ ᠶᠢᠨ 29 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号