ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ ᠲᠤᠰᠬᠠᠢ ᠰᠡᠳᠦᠪᠲᠦ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2022/11/3
   11 ᠰᠠᠷ᠎ᠠ ᠶᠢᠨ 1 ᠤ ᠡᠳᠦᠷ᠂   ᠲᠠᠶᠢᠹᠤᠰᠧ ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ  ᠨᠢ ᠠᠷᠠᠳ  ᠠᠴᠠ ᠡᠵᠡᠩᠨᠡᠭᠰᠡᠨ ᠠᠵᠤ  ᠠᠬᠤᠶᠢᠯᠠᠯ ᠤᠨ ᠲᠥᠯᠥᠭᠡᠯᠡᠭᠴᠢ ᠬᠥᠮᠥᠰ ᠤᠨ ᠬᠦᠰᠡᠯᠡᠩ ᠢᠲᠡᠭᠡᠯ ᠪᠢᠰᠢᠷᠡᠯ  ᠢ ᠪᠠᠳᠤᠳᠬᠠᠬᠤ ᠬᠥᠮᠦᠵᠢᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ  ᠰᠠᠨᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠬᠤᠷᠠᠯ ᠳᠤ ᠣᠷᠣᠯᠴᠠᠭᠰᠠᠨ ᠪᠥᠭᠡᠳ ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠵᠠᠢ᠃ ᠪᠣᠯᠪᠠᠰᠤᠷᠠᠯ ᠤᠨ ᠠᠵᠢᠯᠯᠠᠭ᠎ᠠ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠨᠠᠷ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ  ᠨᠠᠮ ᠤᠨ ᠲᠡᠦᠬᠡ ᠶᠢᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠣᠭᠤᠷᠢᠨ ᠦᠵᠡᠵᠦ  ᠰᠤᠷᠤᠯᠴᠠᠭᠰᠠᠨ ᠪᠠᠶᠢᠨ᠎ᠠ᠃ ᠲᠤᠭᠤᠷᠢᠨ ᠦᠵᠡᠭᠰᠡᠨ ᠤ ᠲᠠᠷᠠᠭ᠎ᠠ ᠤᠯᠠᠨ ᠢᠶᠠᠷ ᠢᠶᠠᠨ ︽ᠬᠤᠶᠢᠰᠢᠳᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠲᠤᠤᠱᠯᠠᠭᠤᠯᠤᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠤᠯᠠᠮ ᠰᠠᠶᠢᠨ ᠬᠦᠢᠴᠡᠳᠭᠡᠨ᠂  ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ   ᠪᠠᠨ ᠦᠵᠡᠭᠦᠯᠦᠨ᠎ᠡ︾  ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号