11 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠴᠢᠶᠠᠨ ᠶᠢᠨ | ᠭᠧᠦ ᠪᠠᠯᠭᠠᠰᠤᠨ ᠤ ᠴᠠᠪ ᠨᠠᠭᠤᠷ ᠲᠣᠰᠬᠤᠨ᠂ ᠰᠠᠨ ᠵᠢᠶᠧ ᠲᠣᠰᠬᠤᠨ᠂ ᠵᠢᠦ ᠶᠢᠩ ᠫᠠᠨ ᠲᠣᠰᠬᠤᠨ᠂ ᠮᠢᠨ ᠵᠦᠩ | ᠲᠣᠰᠬᠤᠨ ᠳᠤ ᠬᠦᠨᠵᠡᠬᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠂ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ᠰᠠᠭᠤᠷᠢᠨ ᠭᠠᠵᠠᠷ ᠤᠨ ᠪᠠᠶᠢᠭᠤᠯᠤᠯᠲᠠ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠶ ᠵᠣᠯᠭᠠᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠵᠣᠣ ᠹᠧᠢ ᠫᠧᠩ ᠭᠡᠷ ᠲᠡᠭᠡᠨ | ᠲᠤᠰᠠᠭᠠᠷᠯᠠᠬᠤ ᠠᠵᠢᠯ ᠤᠨ ᠨᠠᠶᠢᠳᠠᠪᠤᠷᠢᠵᠢᠭᠤᠯᠤᠯᠲᠠ ᠪᠠ ᠬᠦᠶᠤᠸᠠᠨ ᠲᠠᠶᠢᠹᠤᠰᠧ ᠤᠨ ᠵᠠᠮ ᠬᠠᠷᠢᠯᠴᠠᠭᠠᠨ ᠤ | ᠪᠣᠭᠤᠮᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠳᠠᠷᠠᠭ᠎ᠠ ᠂ ᠡᠯ᠎ᠡ ᠱᠠᠳᠤ ᠡᠯ᠎ᠡ | ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠲᠦᠷᠢᠮ ᠢ ᠡᠷᠡᠰ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠴᠢᠩᠭ᠎ᠠ᠂ | ᠨᠠᠷᠢᠯᠢᠭ᠂ ᠪᠣᠳᠠᠲᠠᠢ ᠪᠠᠷ ᠰᠠᠶᠢᠲᠤᠷ ᠠᠳᠬᠤᠨ᠂ ︽ᠭᠠᠳᠠᠨ᠎ᠠ ᠠᠴᠠ ᠣᠷᠣᠬᠤ ᠶᠢ ᠰᠡᠷᠭᠡᠶᠢᠯᠡᠬᠦ︾ ᠪᠣᠭᠤᠮᠲᠠ ᠶᠢ | ᠡᠷᠡᠰ ᠪᠠᠲᠤ ᠰᠠᠬᠢᠬᠤ ᠬᠡᠷᠡᠭᠲᠡᠢ᠃ ᠠᠵᠢᠯ ᠤᠨ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠶᠢ ᠠᠩᠬᠠᠷᠴᠤ᠂ ᠠᠵᠤ | ᠦᠢᠯᠡᠰ ᠪᠣᠯᠣᠨ ᠠᠵᠢᠯ ᠣᠯᠭᠤᠯᠲᠠ ᠶᠢᠨ ᠬᠤᠶᠠᠷ ᠶᠡᠭᠡ ᠭᠠᠷᠳᠠᠴᠠ ᠶᠢ ᠴᠢᠩᠭ᠎ᠠ ᠠᠳᠬᠤᠨ᠂ ᠶᠠᠳᠠᠭᠤ ᠠᠴᠠ | ᠠᠩᠬᠢᠵᠢᠷᠠᠭᠰᠠᠨ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠪᠠᠲᠤᠯᠠᠭ᠎ᠠ ᠲᠠᠢ | ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ | ᠲᠦᠷᠦᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ᠂ ᠰᠠᠭᠤᠷᠢᠨ ᠭᠠᠵᠠᠷ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠳᠤᠷᠢᠳᠬᠤ | ᠪᠠᠭ ᠤᠨ ᠭᠡᠰᠢᠬᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠳᠤ ᠦᠢᠯᠡᠴᠢᠯᠡᠬᠦ | ᠢᠳᠡᠪᠬᠢᠵᠢᠯ ᠢ ᠲᠠᠶᠢᠴᠢᠯᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯᠯᠠᠵᠤ ᠬᠢᠬᠦ ᠳᠤ ᠲᠣᠬᠢᠷᠠᠮᠵᠢᠲᠠᠢ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠭᠡᠬᠦ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃ |