ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠶᠢᠴᠠᠭᠠᠨ ᠵᠢᠯᠤᠭᠤᠳᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/11/3
  ᠣᠶᠢᠷ᠎ᠠ ᠳᠤ᠂  ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠡᠯ᠎ᠡ ᠵᠥᠪᠯᠡᠯ ᠲᠠᠰᠤᠭ ᠤᠨ ᠬᠠᠷᠢᠭᠤᠴᠠᠯᠭᠠᠲᠠᠨ ᠢᠶᠠᠷ ᠭᠡᠰᠢᠬᠦᠨ ᠪᠤᠯᠭᠠᠭᠰᠠᠨ ᠪᠠᠶᠢᠴᠠᠭᠠᠨ ᠵᠢᠯᠤᠭᠤᠳᠬᠤ ᠳᠤᠭᠤᠶᠢᠯᠠᠩ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠪᠠ ︽ᠠᠷᠠᠳ ᠤᠨ ᠲᠥᠯᠥᠭᠡᠯᠡᠭᠴᠢᠳ ᠤᠨ   ᠭᠡᠷ︾ ᠤᠨ ᠠᠵᠢᠯ ᠢ  ᠪᠠᠶᠢᠴᠠᠭᠠᠨ ᠵᠢᠯᠤᠭᠤᠳᠤᠭᠰᠠᠨ ᠪᠠᠶᠢᠨ᠎ᠠ᠃ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ᠂ ᠶᠠᠷᠢᠯᠴᠠᠨ ᠰᠣᠯᠢᠯᠴᠠᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠳᠡᠯᠪᠦᠷᠢ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠬᠢᠭᠡᠳ ᠵᠣᠬᠢᠶᠠᠨ ᠪᠠᠶᠢᠭᠤᠯᠤᠯᠲᠠ ᠶᠢᠨ  ᠴᠤᠭᠴᠠᠯᠠᠯᠳᠠ᠂  ᠠᠯᠪᠠᠨ ᠵᠠᠷᠤᠳᠠᠯ ᠤᠨ ᠪᠠᠳᠤᠯᠠᠭ᠎ᠠ᠂ ᠲᠦᠬᠦᠭᠡᠷᠦᠮᠵᠢ ᠶᠢᠨ ᠪᠠᠶᠢᠭᠤᠯᠤᠯᠲᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠡᠭᠦᠨ ᠤ ᠬᠠᠮᠲᠤ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠢ  ᠪᠠᠶᠢᠴᠠᠭᠠᠨ ᠵᠢᠯᠤᠭᠤᠳᠴᠠᠢ᠃ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠰᠤᠮᠤ ᠰᠢᠶᠠᠩ ᠪᠠᠯᠭᠠᠰᠤ  ᠶᠢ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠤ  ᠵᠣᠬᠢᠴᠠᠵᠤ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ   ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠂ ︽ᠠᠷᠠᠳ ᠤᠨ ᠲᠥᠯᠥᠭᠡᠯᠡᠭᠴᠢᠳ ᠤᠨ ᠭᠡᠷ︾ ᠢ ᠰᠠᠶᠢᠲᠤᠷ ᠪᠠᠶᠢᠭᠤᠯᠵᠤ  ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠵᠦ᠂ ᠲᠡᠭᠦᠨ ᠢ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠬᠥᠭᠦᠷᠭᠡ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ᠂ ᠤᠯᠠᠨ ᠲᠦᠮᠡᠨ ᠳᠤ ᠦᠢᠯᠡᠴᠢᠯᠡᠬᠦ ᠴᠣᠩᠬᠤ᠂ ᠠᠷᠠᠳᠴᠢᠯᠠᠯ ᠬᠠᠤᠯᠢᠵᠢᠯ ᠢ ᠭᠡᠷᠡᠭᠵᠢᠬᠦᠯᠬᠦ ᠰᠠᠭᠤᠷᠢᠨ ᠭᠠᠵᠠᠷ ᠪᠣᠯᠭᠠᠵᠤ ᠪᠠᠶᠢᠭᠤᠯᠤᠨ᠂  ᠠᠷᠠᠳ ᠤᠨ ᠲᠥᠯᠥᠭᠡᠯᠡᠭᠴᠢᠳ ᠤᠨ ᠠᠷᠠᠳ ᠲᠦᠮᠡᠨ ᠤ ᠲᠥᠯᠥᠭᠡ  ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠬᠥᠭᠵᠢᠭᠡᠵᠦ ᠂  ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ᠠᠷᠠᠳ ᠤᠨ ᠲᠥᠯᠥᠭᠡᠯᠡᠭᠴᠢᠳ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号