ᠲᠠᠶᠢᠹᠦᠰᠧ ᠬᠤᠰᠢᠭᠤᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠭᠠᠷᠭᠠᠪᠠ
ᠨᠡᠶᠢᠲᠡᠯᠡᠭᠰᠡᠨ ᠴᠠᠭ᠄
2022/11/3
 ᠰᠡᠳᠬᠢᠯ ᠢᠶᠠᠨ ᠨᠢᠬᠡᠳᠬᠡᠵᠦ ᠬᠠᠮᠲᠤᠪᠠᠷ ᠲᠡᠮᠡᠴᠡᠨ᠂ ᠬᠦᠴᠦᠨ ᠢᠶᠠᠨ ᠬᠠᠮᠳᠤᠳᠬᠠᠵᠤ ᠰᠢᠨ᠎ᠡ ᠠᠶᠠᠨ ᠢᠶᠠᠨ ᠡᠬᠢᠯᠡᠬᠦᠯᠦᠨᠡᠮ᠃ ᠣᠶᠢᠷ᠎ᠠ ᠶᠢᠨ ᠡᠳᠦᠷ ᠤᠳ ᠲᠤ᠂ ᠲᠠᠶᠢᠹᠤᠰᠧ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠡᠯ᠎ᠡ ᠪᠠᠶᠢᠭᠤᠯᠭ᠎ᠠ ᠨᠢᠭᠡᠴᠡ ᠶᠢᠨ ᠺᠠᠳ᠋ᠷ ᠤᠯᠠᠨ ᠲᠦᠮᠡᠨ ᠡᠯ᠎ᠡ ᠵᠦᠢᠯ ᠤᠨ ᠠᠷᠭ᠎ᠠ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂  ᠨᠠᠮ ᠪᠠ ᠤᠯᠤᠰ ᠤᠨ ᠰᠢᠨ᠎ᠡ ᠴᠠᠭ ᠦᠶ᠎ᠡ ᠳᠤ ᠤᠯᠤᠭᠰᠠᠨ  ᠠᠭᠤᠤ ᠶᠡᠭᠡ ᠠᠮᠵᠢᠯᠲᠠ ᠶᠢ ᠶᠠᠷᠢᠯᠴᠠᠨ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠭᠤᠣᠯ ᠡᠭᠦᠷᠭᠡ ᠪᠣᠯᠣᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠶᠢᠯᠠᠭᠠᠵᠤ᠂ ᠦᠢᠯᠡᠳᠦᠯᠭᠡ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ  ᠰᠦᠪᠡᠭᠴᠢᠯᠡᠵᠦ ᠪᠠᠶᠢᠨ᠎ᠠ᠃       ᠤᠯᠠᠨ ᠢᠶᠠᠷ ᠢᠶᠠᠨ ᠪᠦᠷ ︽ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠬᠦᠦ ᠨᠢᠭᠲᠠᠷᠠᠨ ᠪᠦᠯᠬᠦᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠨ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠡᠯ᠎ᠡ ᠲᠦᠷᠦᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠡᠭᠡᠷ᠎ᠡ ᠤᠶᠤᠨ ᠤᠬᠠᠭᠠᠨ ᠬᠦᠴᠦᠨ ᠴᠢᠳᠠᠯ ᠢᠶᠠᠨ ᠲᠦᠪᠯᠡᠷᠡᠬᠦᠯᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠲᠠᠰᠤᠷᠠᠯᠲᠠ ᠦᠭᠡᠢ ᠠᠬᠢᠭᠤᠯᠤᠨ᠎ᠠ︾ ᠭᠡᠵᠦ ᠰᠠᠨᠠᠯ ᠨᠢᠭᠡᠲᠡᠢ ᠢᠯᠡᠳᠬᠡᠵᠡᠭᠡᠨ᠎ᠡ᠃    ᠡᠯ᠎ᠡ ᠰᠤᠮᠤ ᠰᠢᠶᠠᠩ ᠪᠠᠯᠭᠠᠰᠤ᠂  ᠡᠯ᠎ᠡ ᠪᠠᠶᠢᠭᠤᠯᠭ᠎ᠠ ᠨᠢᠭᠡᠴᠡ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠬᠤ ᠬᠠᠯᠠᠭᠤᠨ ᠥᠷᠨᠢᠯᠲᠡ ᠭᠠᠷᠴᠤ᠂ ᠬᠠᠮᠲᠤ ᠪᠠᠷ ᠰᠤᠷᠤᠯᠴᠠᠬᠤ᠂  ᠦᠪᠡᠷᠳᠡᠭᠡᠨ ᠰᠤᠷᠤᠯᠴᠠᠬᠤ᠂ ᠰᠦᠯᠵᠢᠶ᠎ᠡ ᠪᠠᠷ ᠰᠤᠷᠤᠯᠴᠠᠬᠤ ᠪᠠ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠠᠮᠵᠢᠨ᠂ ᠤᠭ ᠵᠣᠬᠢᠶᠠᠯ ᠢ ᠨᠠᠷᠢᠨ ᠬᠢᠨᠠᠮᠠᠭᠠᠢ ᠤᠩᠰᠢᠵᠤ᠂ ᠶᠠᠷᠢᠶ᠎ᠠ ᠢᠯᠡᠳᠭᠡᠯ ᠢ  ᠬᠦᠨ ᠬᠦᠨᠵᠡᠬᠡᠢ ᠰᠤᠷᠤᠯᠴᠠᠬᠤ ᠶᠢᠨ ᠬᠠᠮᠳᠤ  ᠂ ᠲᠡᠮᠳᠡᠭᠯᠡᠯ ᠬᠢᠬᠦ᠂ ᠣᠯᠣᠯᠲᠠ ᠪᠠᠨ ᠶᠠᠷᠢᠬᠤ᠂ ᠲᠥᠷᠥᠭᠳᠡᠯ ᠢᠶᠠᠨ ᠪᠢᠴᠢᠬᠦ ᠠᠷᠭ᠎ᠠ ᠪᠠᠷ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠠᠲᠤᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ᠂ ᠰᠢᠨ᠎ᠡ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠵᠥᠪ ᠣᠨᠣᠪᠴᠢᠲᠠᠶ ᠡᠵᠡᠮᠳᠡᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂  ᠬᠢᠷᠢ ᠴᠢᠳᠠᠪᠤᠷᠢ ᠪᠠᠨ  ᠲᠡᠭᠡᠭᠰᠢᠯᠡᠬᠦᠯᠦᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ  ᠠᠵᠢᠯ ᠢ ᠪᠤᠳᠠᠳᠠᠢ᠂ ᠨᠠᠷᠢᠯᠢᠭ᠂ ᠪᠦᠲᠦᠭᠡᠯᠴᠢ ᠴᠢᠨᠠᠷᠲᠠᠢ ᠪᠠᠷ ᠰᠠᠶᠢᠲᠤᠷ ᠠᠳᠬᠤᠵᠤ᠂ ᠠᠵᠢᠯ ᠦᠢᠯᠡᠰ ᠢᠶᠠᠨ ᠠᠬᠢᠭᠤᠯᠬᠤ ᠬᠦᠴᠦᠯᠡᠬᠦ ᠴᠡᠭ ᠂ ᠠᠵᠠ ᠲᠣᠬᠢᠶᠠᠯ ᠢ ᠡᠵᠡᠮᠳᠡᠬᠦ ᠭᠠᠷᠳᠠᠬᠤ ᠴᠡᠭ ᠢ ᠣᠨᠣᠪᠴᠢᠲᠠᠶ ᠡᠷᠢᠵᠡᠬᠡᠨ᠂ ᠪᠦᠭᠦ ᠬᠤᠰᠢᠭᠤᠨ ᠤ ᠴᠢᠨᠠᠷ ᠰᠠᠶᠢᠲᠠᠢ ᠲᠠᠪᠠᠯᠳᠠᠳᠤ ᠬᠥᠭᠵᠢᠯᠲᠡ ᠶᠢ ᠪᠦᠭᠦ ᠬᠦᠴᠦᠨ ᠢᠶᠠᠷ ᠠᠬᠢᠭᠤᠯᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠰᠤᠷᠤᠯᠴᠠᠯᠭ᠎ᠠ ᠪᠣᠯᠪᠠᠰᠤᠷᠠᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠢᠮᠪᠠᠢ ᠲᠣᠬᠢᠷᠠᠭᠤᠯᠤᠨ ᠰᠠᠶᠢᠲᠤᠷ ᠠᠳᠬᠤᠵᠤ᠂  ᠤᠬᠠᠭᠤᠯᠭ᠎ᠠ ᠲᠠᠶᠢᠯᠤᠮᠵᠢ ᠶᠢ ᠬᠦᠨᠵᠡᠬᠡᠢ ᠦᠷᠨᠢᠬᠦᠯᠦᠨ᠂   ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠨ ᠪᠦᠬᠦᠨ ᠳᠤ ᠲᠠᠨᠢᠭᠤᠯᠵᠤ᠂  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠣᠭᠤᠳᠤᠭᠤᠯᠵᠤ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ  ᠠᠬᠢᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号