ᠸᠠᠩ ᠸᠧᠢ ᠬᠤᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2022/11/4
   ᠣᠶᠢᠷ᠎ᠠ ᠳᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ  ᠴᠢᠶᠠᠨ ᠶᠢᠨ ᠭᠧᠦ ᠪᠠᠯᠭᠠᠰᠤ᠂ ᠬᠤᠩ ᠴᠢ ᠪᠠᠯᠭᠠᠰᠤ᠂ ᠶᠦᠩ ᠹᠧᠩ ᠪᠠᠯᠭᠠᠰᠤᠨ ᠳᠤ ᠬᠦᠨᠵᠡᠭᠡᠶᠢᠷᠡᠵᠦ᠂ ᠬᠥᠳᠡᠭᠡ ᠲᠣᠰᠬᠤᠨ   ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ ᠪᠠᠶᠢᠨ᠎ᠠ᠃ ᠸᠠᠩ ᠸᠧᠢ ᠬᠤᠩ ᠶᠠᠷᠢᠯᠴᠠᠨ ᠰᠣᠯᠢᠯᠴᠠᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ ᠪᠠᠷ ᠲᠠᠮᠵᠢᠭᠠᠳ ᠡᠯ᠎ᠡ ᠪᠠᠯᠭᠠᠰᠤᠨ ᠤ ᠲᠦᠷᠦ ᠶᠢᠨ ᠪᠣᠳᠣᠯᠭ᠎ᠠ ᠶᠢ  ᠨᠠᠶᠢᠳᠠᠪᠤᠷᠢᠵᠢᠭᠤᠯᠤᠭᠰᠠᠨ ᠪᠠᠶᠢᠳᠠᠯ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ᠂ ᠳᠠᠩᠰᠠ ᠡᠪᠬᠡᠮᠡᠯ ᠢ ᠡᠮᠬᠢᠯᠡᠬᠦ  ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠸᠠᠩ ᠸᠧᠢ ᠬᠤᠩ   ᠪᠠᠶᠢᠴᠠᠭᠠᠨ ᠰᠤᠳᠤᠯᠤᠯᠳᠠ ᠬᠢᠬᠦ ᠶᠠᠪᠤᠴᠠ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ︽ᠳᠥᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠶᠠᠳᠠᠭᠤ   ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠶ ᠵᠣᠯᠭᠠᠯᠳᠤᠭᠤᠯᠬᠤ ᠠᠵᠢᠯ ᠢ ᠭᠦᠨᠵᠡᠭᠡᠢ  ᠮᠦᠷᠳᠡᠭᠡᠨ ᠪᠣᠳᠠᠲᠠᠢ ᠬᠢᠵᠦ᠂ ᠬᠡᠪᠴᠢᠶᠡᠲᠦ ᠴᠢᠨᠠᠷᠲᠠᠢ ᠪᠠᠷ ᠳᠠᠬᠢᠨ ᠶᠠᠳᠠᠭᠤᠷᠠᠬᠤ ᠦᠵᠡᠭᠳᠡᠯ ᠥᠯᠥ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠭᠤᠰᠤᠯᠴᠠᠬᠤ ᠰᠡᠳᠬᠢᠬᠦᠢ ᠶᠢ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠵᠠᠰᠠᠯᠲᠠ ᠵᠡᠷᠭᠡ ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠳᠠᠬᠢᠨ ᠶᠠᠳᠠᠭᠤᠷᠠᠬᠤ ᠶᠢ  ᠰᠡᠷᠭᠡᠶᠢᠯᠡᠬᠦ ᠬᠤᠶᠠᠳᠤᠭᠠᠷ ᠡᠭᠡᠯᠵᠢ ᠶᠢᠨ ᠪᠠᠶᠢᠴᠠᠭᠠᠯᠳᠠ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠠᠩᠰᠠ ᠡᠪᠬᠡᠮᠡᠯ ᠡᠮᠬᠢᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠣᠷᠣᠨ ᠤ ᠦᠨᠡᠯᠡᠨ ᠵᠢᠱᠢᠵᠦ ᠰᠢᠯᠭᠠᠨ ᠪᠠᠶᠢᠴᠠᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠠᠯᠤᠰ ᠬᠡᠳᠤ ᠶᠢᠨ ᠰᠡᠳᠬᠢᠬᠦᠢ ᠪᠠᠨ ᠤᠯᠠᠮ ᠴᠢᠩᠭᠠᠳᠬᠠᠵᠤ᠂ ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号