ᠲᠠᠶᠢᠹᠤᠰᠧ ᠬᠤᠰᠢᠭᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ  ᠪᠦᠳᠦᠬᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2022/11/4
   11 ᠰᠠᠷ᠎ᠠ ᠶᠢᠨ 3 ᠤ ᠡᠳᠦᠷ᠂  ᠲᠠᠶᠢᠹᠤᠰᠧ ᠬᠤᠰᠢᠭᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠪᠦᠳᠦᠬᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠠᠢ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠬᠤᠷᠠᠯ ᠡᠷᠭᠢᠯᠡᠪᠡ᠃ ᠬᠤᠷᠠᠯ  ᠲᠡᠭᠡᠷ᠎ᠡ᠂ ︽ᠪᠥᠬᠦ ᠣᠷᠣᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ  ᠪᠦᠳᠦᠬᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠦᠰᠦᠪ︾ ᠢ ᠤᠯᠠᠮᠵᠢᠯᠠᠨ ᠰᠤᠷᠤᠯᠴᠠᠵᠤ᠂ ︽ᠲᠠᠶᠢᠹᠤᠰᠧ ᠬᠤᠰᠢᠭᠤᠨ ᠤ ᠰᠤᠮᠤ ᠰᠢᠶᠠᠩ ᠪᠠᠯᠭᠠᠰᠤᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠪᠦᠳᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ  ᠲᠦᠰᠦᠪ︾ ᠢ ᠤᠩᠰᠢᠨ ᠨᠡᠶᠢᠳᠡᠯᠡᠭᠰᠡᠨ ᠪᠦᠭᠡᠳ ᠡᠯ᠎ᠡ ᠰᠤᠮᠤ ᠰᠢᠶᠠᠩ ᠪᠠᠯᠭᠠᠰᠤ  ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠲᠤᠰᠪᠤᠷᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠰᠢᠰᠲ᠋ᠧᠮᠵᠢ ᠶᠢᠨ ᠴᠢᠳᠠᠮᠵᠢ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠬᠦᠨᠵᠡᠬᠡᠶᠢᠷᠡᠬᠦᠯᠦᠨ᠂ ︽ᠲᠠᠪᠤᠨ ᠭᠤᠷᠪᠠ︾  ᠪᠠᠷᠢᠮᠵᠢᠶ᠎ᠠ ᠶᠢᠨ ᠲᠣᠭᠤᠷᠢᠨ ᠳᠤ᠂ ᠣᠲᠣ ᠪᠠᠶᠢᠭ᠎ᠠ ᠡᠬᠢ ᠪᠠᠶᠠᠯᠢᠭ ᠲᠠᠭᠠᠨ ᠰᠠᠭᠤᠷᠢᠯᠠᠵᠤ᠂ ᠴᠢᠳᠠᠮᠵᠢ ᠶᠢᠨ ᠣᠷᠣᠨ ᠬᠤᠪᠢᠶᠠᠷᠢᠯᠠᠯ ᠢ ᠰᠢᠯᠢᠳᠡᠭᠵᠢᠬᠦᠯᠦᠨ᠂ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠠᠵᠢᠯ ᠤᠨ ᠲᠣᠭᠲᠠᠴᠠ ᠶᠢ  ᠲᠡᠬᠦᠯᠳᠡᠷᠵᠢᠬᠦᠯᠦᠨ᠂ ᠥᠪᠡᠷᠮᠢᠴᠡ ᠣᠨᠴᠠᠯᠢᠭ ᠲᠠᠢ ᠲᠥᠷᠥᠯ ᠲᠡᠮᠳᠡᠭ ᠢ ᠪᠣᠶ ᠪᠣᠯᠭᠠᠵᠤ᠂ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠳᠣᠲᠣᠭᠠᠳᠤ ᠶᠢᠨ ᠲᠠᠲᠠᠬᠤ ᠬᠦᠴᠦᠨ ᠢ ᠴᠢᠩᠭᠠᠷᠠᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯᠯᠠᠬᠤ ᠨᠢᠬᠳᠠᠷᠠᠯ ᠤᠨ ᠬᠦᠴᠦᠨ ᠢ  ᠴᠢᠩᠭᠠᠳᠬᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号