11 ᠰᠠᠷ᠎ᠠ ᠶᠢᠨ 3 ᠤ ᠡᠳᠦᠷ᠂ ᠵᠣᠣ ᠹᠧᠢ ᠫᠧᠩ᠂ ᠴᠧᠨ ᠶᠠᠨ ᠪᠦᠦ᠂ ᠵᠣᠣ ᠬᠠᠢ ᠯᠢ᠂ ᠸᠠᠩ ᠵᠢᠦᠢ ᠰᠢ | ᠵᠡᠷᠭᠡ ᠬᠤᠰᠢᠭᠤᠨ ᠤ ᠤᠳᠤᠷᠢᠳᠤᠯᠭ᠎ᠠ ᠰᠠᠨ ᠬᠤᠤ ᠳ᠋ᠢ ᠪᠠᠶᠢᠴᠠᠭᠠᠬᠤ ᠥᠷᠲᠡᠭᠡ᠂ ᠬᠦᠨᠪᠤᠯᠠᠭ ᠪᠠᠶᠢᠴᠠᠭᠠᠬᠤ ᠥᠷᠲᠡᠭᠡ | ᠂ ᠰᠢᠶᠣᠣ ᠯᠢ ᠶᠢᠩ ᠽᠢ ᠪᠠᠶᠢᠴᠠᠭᠠᠬᠤ ᠥᠷᠲᠡᠭᠡ ᠳᠤ ᠬᠦᠷᠴᠦ᠂ ᠵᠠᠮ ᠬᠠᠷᠢᠯᠴᠠᠭᠠᠨ ᠤ ᠪᠣᠭᠤᠮᠲᠠ ᠶᠢᠨ ᠵᠢᠵᠢᠭᠦᠷᠯᠡᠨ | ᠰᠠᠬᠢᠵᠤ ᠪᠠᠶᠢᠭ᠎ᠠ ᠪᠠᠶᠢᠳᠠᠯ᠂ ᠲᠡᠷᠭᠡ ᠬᠥᠰᠬᠡ ᠶᠢ ᠪᠠᠶᠢᠴᠠᠭᠠᠨ ᠨᠡᠪᠳᠡᠷᠡᠬᠦᠯᠬᠦ ᠶᠠᠪᠤᠴᠠ᠂ ᠠᠵᠢᠯ ᠤᠨ ᠪᠠᠲᠤᠯᠠᠭ᠎ᠠ᠂ | ᠪᠦᠬᠡᠮ ᠬᠦᠴᠢᠯ ᠤᠨ ᠪᠠᠶᠢᠴᠠᠭᠠᠯᠳᠠ ᠶᠢᠨ ᠪᠠᠶᠢᠳᠠᠯ ᠵᠡᠷᠭᠡ ᠶᠢ ᠨᠠᠷᠢᠨ ᠤᠶᠢᠯᠠᠭᠠᠭᠰᠠᠨ ᠤ ᠬᠠᠮᠳᠤ᠂ ᠬᠢᠵᠢᠭ | ᠰᠡᠷᠭᠡᠶᠢᠯᠡᠬᠦ ᠡᠮᠦᠨ᠎ᠡ ᠹᠷᠣᠨᠲ ᠤᠨ ᠠᠵᠢᠯᠲᠠᠳ ᠢ ᠬᠠᠯᠠᠮᠵᠢᠯᠠᠨ ᠲᠤᠬᠤᠨᠢᠭᠤᠯᠵᠤ᠂ ᠬᠤᠯᠪᠣᠭᠳᠠᠯ ᠪᠦᠬᠦᠢ ᠠᠵᠢᠯ ᠤᠨ | ᠲᠠᠯ᠎ᠠ ᠪᠠᠷ ᠪᠣᠳᠠᠲᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠵᠣᠣ ᠹᠧᠢ ᠫᠧᠩ ᠴᠢᠬᠤᠯᠠᠴᠢᠯᠠᠬᠤ ᠳᠠᠭᠠᠨ ᠂ ᠵᠠᠮ | ᠬᠠᠷᠢᠯᠴᠠᠭᠠᠨ ᠤ ᠪᠣᠭᠤᠮᠲᠠ ᠶᠢᠨ ᠠᠵᠢᠯ ᠤᠨ ᠡᠷᠴᠢᠮ ᠢ ᠤᠯᠠᠮ ᠴᠢᠩᠭᠠᠷᠠᠭᠤᠯᠵᠤ᠂ ᠠᠵᠢᠯ ᠤᠨ ᠬᠤᠪᠢᠶᠠᠷᠢᠯᠠᠯ ᠢ | ᠰᠢᠯᠢᠳᠡᠭᠵᠢᠭᠦᠯᠦᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠢᠵᠢᠬᠦᠷ ᠤᠨ ᠠᠵᠢᠯ ᠢ ᠴᠢᠩᠭᠠᠳᠬᠠᠨ᠂ | ᠬᠤᠰᠢᠭᠤᠨ ᠤ ᠭᠠᠳᠠᠨ᠎ᠠ ᠠᠴᠠ ᠢᠯᠠᠩᠭᠤᠶ᠎ᠠ ᠳᠤᠮᠳᠠ ᠦᠨᠳᠦᠷ ᠲᠡᠰ ᠤᠨ ᠲᠦᠭᠰᠢᠬᠦᠷᠢᠳᠦ ᠣᠷᠣᠨ ᠠᠴᠠ ᠢᠷᠡᠬᠦ | ᠬᠥᠮᠥᠰ ᠢ ᠨᠢᠬᠡ ᠶᠢ ᠴᠤ ᠭᠡᠭᠡᠭᠳᠡᠬᠦᠯᠦᠯ ᠦᠬᠡᠢ ᠨᠢᠮᠪᠠᠢ ᠪᠦᠷᠢᠳᠬᠡᠵᠦ᠂ ︽ ᠪᠠᠭᠤᠭᠰᠠᠨ ᠭᠠᠵᠠᠷ ᠲᠤᠨᠢ ᠪᠦᠬᠡᠮ | ᠬᠦᠴᠢᠯ ᠤᠨ ᠪᠠᠶᠢᠴᠠᠭᠠᠯᠳᠠ ᠬᠢᠬᠦ᠂ ᠲᠥᠷᠥᠯ ᠬᠤᠪᠢᠶᠠᠨ ᠬᠠᠮᠢᠶᠠᠷᠬᠤ᠂ ᠪᠢᠳᠡᠬᠦᠮᠵᠢᠯᠡᠨ ᠵᠦᠬᠡᠬᠡᠪᠦᠷᠢᠯᠡᠬᠦ︾ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠂ ︽ᠭᠠᠳᠠᠨ᠎ᠠ ᠠᠴᠠ ᠤᠷᠤᠬᠤ ᠶᠢ ᠰᠡᠷᠭᠡᠶᠢᠯᠡᠬᠦ︾ ᠨᠢᠭᠡᠳᠦᠭᠡᠷ ᠪᠣᠭᠤᠮᠲᠠ | ᠶᠢ ᠪᠠᠲᠤ ᠰᠠᠬᠢᠬᠤ ᠬᠡᠷᠡᠭᠲᠡᠢ᠃ ᠭᠠᠳᠠᠨ᠎ᠠ ᠠᠴᠠ ᠢᠷᠡᠭᠰᠡᠳ ᠤᠨ ᠵᠠᠮ ᠮᠥᠷ ᠤᠨ ᠪᠠᠶᠢᠳᠠᠯ᠂ ᠡᠷᠡᠭᠦᠯ ᠮᠡᠨᠳᠦ ᠶᠢᠨ | ᠪᠠᠶᠢᠳᠠᠯ᠂ ᠵᠤᠷᠢᠵᠤ ᠬᠦᠷᠬᠦ ᠭᠠᠵᠠᠷ ᠵᠡᠷᠭᠡ ᠶᠢ ᠨᠢᠭᠡᠳ ᠨᠢᠭᠡ ᠪᠠᠷ ᠳᠠᠩᠰᠠᠯᠠᠨ ᠲᠡᠮᠳᠡᠭᠯᠡᠵᠦ᠂ ᠮᠡᠳᠡᠭᠡ ᠵᠠᠩᠭᠢ ᠶᠢ | ᠴᠠᠭ ᠲᠤᠬᠠᠢ ᠳᠤᠨᠢ ᠲᠠᠮᠵᠢᠭᠤᠯᠤᠨ᠂ ᠡᠮᠦᠨᠡᠬᠢ ᠪᠣᠭᠤᠮᠲᠠ ᠶᠢ ᠴᠢᠩᠭ᠎ᠠ ᠰᠠᠬᠢᠵᠤ᠂ ︽ᠶᠡᠭᠡ ᠡᠭᠦᠳᠡ︾ ᠶᠢ ᠴᠢᠩᠭ᠎ᠠ | ᠰᠠᠬᠢᠵᠤ ᠂ ᠡᠯ᠎ᠡ ᠭᠤᠭᠴᠤᠭ᠎ᠠ ᠶᠢ ᠨᠢᠭᠲᠠ ᠵᠤᠯᠭᠠᠭᠤᠯᠤᠨ᠂ ᠢᠳᠡᠪᠬᠢᠳᠡᠢ ᠬᠠᠮᠵᠢᠯᠴᠠᠨ ᠪᠦᠲᠦᠮᠵᠢᠲᠡᠢ | ᠠᠵᠢᠯᠯᠠᠬᠤ ᠶᠢ ᠪᠠᠲᠤᠯᠠᠵᠤ᠂ ᠪᠠᠶᠢᠴᠠᠭᠠᠯᠳᠠ ᠳᠤ ᠤᠰᠤᠯ ᠠᠯᠳᠠᠭ᠎ᠠ ᠪᠤᠷᠤᠭᠤ ᠦᠭᠡᠢ᠂ ᠬᠠᠮᠢᠶᠠᠷᠤᠯᠳᠠ ᠳᠤ ᠪᠠᠯᠠᠢ | ᠭᠠᠵᠠᠷ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠬᠡᠵᠡᠢ᠃ |