ᠲᠠᠶᠢᠹᠤᠰᠧ ᠬᠤᠰᠢᠭᠤᠨ ᠤ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠯᠪᠣᠭ᠎ᠠ ᠪᠠᠶᠢᠭᠤᠯᠤᠭᠳᠠᠭᠰᠠᠨ
ᠨᠡᠶᠢᠲᠡᠯᠡᠭᠰᠡᠨ ᠴᠠᠭ᠄
2022/11/4
   11 ᠰᠠᠷ᠎ᠠ ᠶᠢᠨ 3 ᠤ ᠡᠳᠦᠷ᠂  ᠲᠠᠶᠢᠹᠤᠰᠧ ᠬᠤᠰᠢᠭᠤ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠯᠪᠤᠭ᠎ᠠ ᠶᠢ ᠪᠠᠶᠢᠭᠤᠯᠬᠤ ᠶᠡᠭᠡ ᠬᠤᠷᠠᠯ ᠢ ᠬᠤᠷᠠᠯᠳᠤᠭᠤᠯᠪᠠ᠃ ᠬᠤᠷᠠᠯ ᠠᠴᠠ ︽ ᠲᠠᠶᠢᠹᠤᠰᠧ ᠬᠤᠰᠢᠭᠤᠨ ᠤ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠯᠪᠤᠭᠠᠨ ᠤ ᠳᠦᠷᠢᠮ ︵ᠲᠥᠰᠥᠯ︶︾  ᠂ ︽ ᠲᠠᠶᠢᠹᠤᠰᠧ ᠬᠤᠰᠢᠭᠤᠨ ᠤ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠯᠪᠤᠭᠠᠨ ᠤ ᠰᠦᠢᠳᠬᠡᠯ ᠲᠤᠰᠢᠶᠠᠬᠤ ᠪᠠ  ᠬᠠᠨᠳᠢᠪ ᠡᠷᠬᠦᠬᠦ ᠠᠷᠭ᠎ᠠ ︵ᠲᠥᠰᠥᠯ︶︾  ᠂ ︽ ᠲᠠᠶᠢᠹᠤᠰᠧ ᠬᠤᠰᠢᠭᠤᠨ ᠤ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠯᠪᠤᠭᠠᠨ ᠤ ᠰᠣᠩᠭᠤᠭᠤᠯᠢ ᠶᠢᠨ ᠠᠷᠭ᠎ᠠ ︵ᠲᠥᠰᠥᠯ︶︾   ᠢ ᠬᠢᠨᠠᠨ ᠵᠦᠪᠯᠡᠵᠦ ᠪᠠᠳᠤᠯᠠᠭᠰᠠᠨ ᠤ ᠬᠠᠮᠳᠤ᠂  ᠠᠩᠬᠠᠳᠤᠭᠠᠷ ᠬᠤᠭᠤᠴᠠᠭᠠᠨ ᠤ ᠨᠥᠬᠦᠷᠯᠡᠯ ᠤᠨ ᠬᠤᠯᠪᠤᠭᠠᠨ ᠤ ᠪᠠᠶᠢᠩᠭᠤ ᠶᠢᠨ ᠬᠡᠷᠡᠭ ᠡᠷᠬᠢᠯᠡᠭᠴᠢ᠂  ᠬᠤᠯᠪᠤᠭᠠᠨ ᠤ ᠳᠠᠷᠤᠭ᠎ᠠ᠂  ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ ᠶᠢ  ᠰᠤᠩᠭᠤᠨ ᠲᠦᠷᠦᠭᠳᠡᠬᠦᠯᠦᠭᠰᠡᠨ ᠪᠠᠶᠢᠨ᠎ᠠ᠃ ᠨᠥᠬᠦᠷᠯᠡᠯ ᠤᠨ ᠬᠤᠯᠪᠣᠭ᠎ᠠ ᠪᠠᠶᠢᠭᠤᠯᠬᠤ ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠤ᠂ ᠬᠡᠷᠡᠭ ᠡᠷᠬᠢᠯᠡᠭᠴᠢᠳ ᠤᠨ ᠪᠦᠷᠢᠯᠳᠦᠯ ᠢ ᠳᠦᠷᠢᠮ ᠲᠣᠭᠲᠠᠭᠠᠯ ᠳᠤ  ᠨᠡᠶᠢᠴᠡᠬᠦᠯᠬᠦ ᠶᠢᠨ ᠲᠥᠯᠥᠭᠡ᠂ ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠪᠥᠬᠦ ᠬᠤᠰᠢᠭᠤᠨ ᠤ ᠨᠠᠮ ᠤᠨ ᠭᠠᠳᠠᠨᠠᠬᠢ ᠰᠡᠬᠡᠭᠡᠲᠡᠳ ᠤᠨ ᠦᠨᠳᠦᠰᠦᠨ ᠪᠠᠶᠢᠳᠠᠯ ᠳᠤ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠬᠢᠵᠦ ᠂ ᠨᠥᠬᠦᠷᠯᠡᠯ ᠤᠨ ᠬᠤᠯᠪᠣᠭ᠎ᠠ ᠶᠢ ᠪᠠᠶᠢᠭᠤᠯᠬᠤ ᠶᠢᠨ ᠪᠣᠯᠣᠮᠵᠢᠲᠤ ᠴᠢᠨᠠᠷ ᠪᠠ  ᠵᠠᠶᠢᠯᠠᠰᠠᠢ ᠦᠬᠡᠢ ᠴᠢᠨᠠᠷ ᠲᠤ ᠭᠦᠨᠵᠡᠭᠡᠢ ᠵᠠᠳᠠᠯᠤᠯᠳᠠ ᠬᠢᠬᠦ ᠪᠠᠷ ᠲᠠᠮᠵᠢᠭᠠᠳ ᠰᠠᠶ᠋ᠢ ᠲᠤᠰ ᠬᠤᠯᠪᠤᠭ᠎ᠠ ᠶᠢ ᠪᠠᠶᠢᠭᠤᠯᠬᠤ ᠪᠠᠷ ᠲᠤᠭᠳᠠᠵᠠᠢ᠃ ᠰᠡᠬᠡᠭᠡᠲᠡᠳ ᠤᠨ ᠬᠤᠯᠪᠤᠭᠠᠨ ᠤ ᠪᠠᠶᠢᠭᠤᠯᠤᠭᠳᠠᠭᠰᠠᠨ ᠨᠢ  ᠲᠠᠶᠢᠹᠤᠰᠧ ᠬᠤᠰᠢᠭᠤᠨ ᠤ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠤᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠬᠤ ᠡᠷᠴᠢᠮᠳᠡᠢ ᠠᠷᠭ᠎ᠠ ᠬᠡᠮᠵᠢᠶ᠎ᠡ ᠪᠠᠶᠢᠵᠤ᠂ ᠨᠢᠭᠡᠳᠦᠮᠡᠯ ᠹᠷᠣᠨᠲ ᠤᠨ ᠠᠵᠢᠯ ᠤᠨ ᠪᠠᠰᠠ ᠨᠢᠭᠡᠨ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠶᠡᠭᠡ ᠶᠠᠪᠤᠳᠠᠯ ᠪᠤᠯᠤᠭᠰᠠᠨ ᠶᠤᠮ᠂ ᠡᠨᠡ ᠨᠢ ᠪᠦᠬᠦ ᠬᠤᠰᠢᠭᠤᠨ ᠤ ᠥᠷᠭᠡᠨ ᠤᠯᠠᠨ ᠨᠠᠮ ᠪᠦᠯᠦᠭ ᠤᠨ ᠪᠤᠰᠤ ᠰᠡᠬᠡᠭᠡᠲᠡᠳ ᠢ ᠨᠡᠩ ᠪᠦᠲᠦᠮᠵᠢᠲᠡᠢ ᠪᠠᠷ ᠪᠦᠯᠬᠦᠮᠳᠡᠭᠦᠯᠦᠨ ᠨᠢᠭᠲᠠᠷᠠᠭᠤᠯᠵᠤ᠂  ᠲᠠᠶᠢᠹᠤᠰᠧ ᠬᠤᠰᠢᠭᠤᠨ ᠤ ᠡᠯ᠎ᠡ  ᠲᠦᠷᠦᠯ ᠤᠨ ᠠᠵᠢᠯ ᠦᠢᠯᠡᠰ ᠤᠨ ᠬᠥᠭᠵᠢᠯᠲᠡ ᠳᠤ ᠠᠷᠭ᠎ᠠ ᠤᠬᠠᠭᠠᠨ ᠬᠦᠴᠦᠨ ᠴᠢᠳᠠᠯ ᠢᠶᠠᠨ ᠡᠷᠭᠦᠬᠦ ᠢᠳᠡᠪᠬᠢᠵᠢᠯ ᠢ ᠲᠠᠶᠢᠴᠢᠯᠠᠬᠤ ᠪᠣᠯᠣᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号