ᠶᠦᠩ ᠹᠧᠩ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/4
 11 ᠰᠠᠷ᠎ᠠ ᠶᠢᠨ 2 ᠤᠨ ᠡᠳᠦᠷ᠂ ᠶᠦᠩ ᠹᠧᠩ ᠪᠠᠯᠭᠠᠰᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠨᠠᠮ ᠤᠨ ᠬᠤᠷᠢᠶᠠᠨ ᠤ ᠱᠦᠵᠢ ᠰᠦᠨ ᠬᠠ᠊ ᠹᠧᠩ ᠬᠤᠷᠠᠯ ᠢ ᠡᠷᠬᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ᠂ ᠳᠡᠳ᠋ ᠡᠷᠬᠢᠯᠡᠭᠴᠢ ᠬᠤᠷᠠᠯ ᠳᠤ ᠤᠷᠤᠯᠴᠠᠵᠠᠢ᠃ ᠬᠤᠷᠠᠯ ᠠᠴᠠ᠂ ᠪᠦᠬᠦ ᠪᠠᠯᠭᠠᠰᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠬᠦᠦ ᠨᠢᠭᠲᠠᠷᠠᠨ ᠪᠦᠯᠬᠦᠮᠳᠡᠵᠦ᠂  ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ   ᠪᠠᠨ ᠴᠢᠩᠭᠠᠳᠬᠠᠨ᠂  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠢ ᠰᠠᠶᠢᠲᠤᠷ ᠠᠳᠬᠤᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ  ᠨᠢᠭᠡᠳᠬᠡᠨ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠬᠤᠷᠠᠯ ᠠᠴᠠ ᠪᠠᠰᠠ᠂  ᠪᠦᠬᠦ  ᠪᠠᠯᠭᠠᠰᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠲᠡᠷᠡ ᠬᠡᠪ ᠢᠶᠠᠷ ᠨᠢ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂  ᠰᠤᠷᠤᠯᠴᠠᠬᠤ ᠶᠢᠨ ᠲᠠᠭᠠᠤ ᠰᠡᠳᠬᠢᠵᠦ᠂ ᠰᠤᠷᠤᠯᠴᠠᠬᠤ ᠶᠢᠨ ᠲᠠᠭᠠᠤ ᠦᠢᠯᠡᠳᠦᠯᠭᠡᠵᠢᠭᠦᠯᠦᠨ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠤᠤᠱᠯᠠᠭᠤᠯᠤᠨ ᠰᠤᠷᠤᠯᠴᠠᠬᠤ ᠶᠢ ᠰᠠᠶᠢᠲᠤᠷ ᠠᠳᠬᠤᠨ  ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠤᠳᠤᠷᠢᠳᠬᠤ ᠳᠤᠭᠤᠶᠢᠯᠠᠩ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠪᠠ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭᠠᠨ ᠤ ᠭᠤᠣᠯ ᠠᠭᠤᠯᠭ᠎ᠠ ᠪᠣᠯᠭᠠᠵᠤ᠂  ᠦᠪᠡᠷᠳᠡᠭᠡᠨ ᠰᠤᠷᠤᠯᠴᠠᠬᠤ᠂ ᠬᠠᠮᠲᠤ  ᠳᠠᠭᠠᠨ ᠰᠤᠷᠤᠯᠴᠠᠬᠤ ᠵᠡᠷᠭᠡ ᠬᠡᠯᠪᠡᠷᠢ ᠪᠠᠷ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠭᠤᠣᠯ ᠴᠢᠮᠦᠭᠡ ᠴᠢᠬᠤᠯᠠ ᠠᠭᠤᠯᠭ᠎ᠠ ᠶᠢ   ᠲᠤᠤᠱᠳᠠᠢ ᠰᠤᠷᠤᠯᠴᠠᠵᠤ ᠭᠦᠨᠵᠡᠭᠡᠢ ᠡᠵᠡᠮᠰᠢᠵᠦ ᠨᠡᠪᠲᠡᠷᠡᠲᠡᠯ᠎ᠡ ᠣᠶᠢᠯᠠᠭᠠᠬᠤ ᠪᠠᠷ ᠴᠢᠷᠮᠠᠶᠢᠬᠤ ᠭᠡᠷᠡᠭᠳᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠬᠤ ᠬᠡᠷᠡᠭᠯᠡᠬᠦ ᠶᠢ ᠤᠶᠠᠯᠳᠤᠭᠤᠯᠤᠨ᠂  ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠤᠭᠤᠯᠵᠤ᠂ ᠢᠯᠡᠳᠬᠡᠯ ᠤᠨ ᠵᠣᠷᠢᠭ ᠰᠠᠨᠠᠭᠠᠨ ᠤ ᠮᠥᠨ ᠴᠢᠨᠠᠷ ᠢ ᠪᠣᠳᠠᠲᠠᠢ ᠠᠵᠢᠯ ᠤᠨ ᠰᠡᠳᠬᠢᠴᠡ᠂ ᠠᠵᠢᠯᠯᠠᠭᠠᠨ ᠤ ᠵᠦᠭᠯᠡᠭᠦᠷ ᠪᠣᠯᠣᠨ ᠬᠦᠴᠦᠷᠬᠡᠭ ᠶᠡᠭᠡ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠠᠵᠤ ᠦᠢᠯᠡᠰ ᠤᠨ ᠬᠦᠭᠵᠢᠯᠳᠡ᠂ ᠲᠦᠷᠦᠯ ᠵᠦᠢᠯ ᠤᠨ  ᠪᠠᠶᠢᠭᠤᠯᠤᠯᠲᠠ ᠶᠢ ᠰᠠᠶᠢᠲᠤᠷ  ᠠᠳᠬᠤᠬᠤ ᠶᠢᠨ ᠬᠠᠮᠳᠤ᠂ ᠤᠶᠤᠨ ᠴᠢᠳᠠᠯ ᠢᠶᠠᠨ ᠲᠥᠪᠯᠡᠷᠡᠭᠦᠯᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠵᠦ  ᠨᠡᠶᠢᠭᠡᠮ ᠤᠨ ᠠᠮᠤᠷ ᠲᠣᠭᠲᠠᠭᠤᠨ᠂ ᠠᠶᠤᠯᠭᠦᠢ ᠦᠢᠯᠡᠳᠪᠦᠷᠢᠯᠡᠯ ᠵᠡᠷᠭᠡ ᠬᠦᠷᠢᠶ᠎ᠡ ᠴᠠᠷᠠᠭᠠᠨ ᠤ ᠠᠶᠤᠯ ᠲᠦᠭᠰᠢᠭᠦᠷᠢ ᠪᠠ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠢ ᠦᠨᠡᠨᠬᠦ ᠪᠠᠳᠤᠯᠠᠬᠤ ᠶᠢᠨ ᠬᠠᠮᠳᠤ ᠰᠠᠶᠢᠵᠢᠷᠠᠭᠤᠯᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠦᠨᠡᠨ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠵᠤ᠂ ᠡᠯ᠎ᠡ  ᠲᠦᠷᠦᠯ ᠤᠨ ᠠᠵᠢᠯ ᠤᠨ ᠠᠮᠵᠢᠯᠳᠠ ᠲᠠᠢ ᠨᠠᠶᠢᠳᠠᠪᠤᠷᠢᠵᠢᠵᠤ  ᠪᠦᠲᠦᠮᠵᠢ   ᠲᠠᠢ ᠶᠠᠪᠤᠭᠳᠠᠬᠤ ᠶᠢ ᠪᠠᠳᠤᠯᠠᠨ᠂ ᠶᠦᠩ ᠹᠧᠩ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ  ᠡᠷᠬᠦᠬᠦ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃  
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号