ᠮᠠ ᠷᠦᠢ ᠮᠠᠨ ᠬᠢᠵᠢᠭ ᠰᠡᠷᠭᠡᠶᠢᠯᠡᠬᠦ ᠠᠵᠢᠯ ᠢ ᠱᠠᠭᠠᠷᠳᠠᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/11/5
   ᠡᠷᠬᠢᠨ ᠲᠣᠭᠤᠷᠢᠨ ᠳᠠᠬᠢ ᠭᠠᠵᠠᠷ ᠣᠷᠣᠨ ᠤ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠭ᠎ᠠ ᠪᠠᠶᠢᠳᠠᠯ ᠢ ᠦᠨᠳᠦᠰᠦᠯᠡᠵᠦ᠂  ᠬᠤᠪᠢ ᠶᠢᠨ ᠡᠵᠡᠩᠨᠡᠭᠴᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠭᠤᠤᠯ ᠴᠣᠭᠴᠠ ᠶᠢᠨ ᠬᠠᠷᠢᠭᠤᠴᠠᠯᠭ᠎ᠠ ᠶᠢ  ᠤᠯᠠᠮ ᠴᠢᠩᠭ᠎ᠠ ᠱᠠᠭᠷᠳᠠᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠦᠯᠵᠢᠶ᠎ᠡ ᠶᠢ  ᠪᠠᠬᠢᠵᠢᠭᠦᠯᠬᠦ ᠶᠢᠨ ᠲᠥᠯᠥᠭᠡ᠂ 11 ᠰᠠᠷ᠎ᠠ ᠶᠢᠨ 3 ᠤ ᠡᠳᠦᠷ ᠬᠤᠰᠢᠭᠤ  ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠮᠠ ᠷᠦᠢ ᠮᠠᠨ  ᠪᠠᠶᠢᠴᠠᠭᠠᠬᠤ ᠳᠤᠭᠤᠶᠢᠯᠠᠩ ᠲᠠᠭᠠᠭᠤᠯᠵᠤ᠂ ᠬᠤᠰᠢᠭᠤ ᠲᠤᠭᠤᠷᠢᠭ ᠲᠠᠬᠢ ᠪᠡᠶ᠎ᠡ ᠤᠬᠢᠶᠠᠬᠤ ᠭᠠᠵᠠᠷ᠂  ᠢᠯᠢᠵᠦ ᠨᠤᠬᠤᠯᠠᠬᠤ ᠭᠠᠵᠠᠷ ᠵᠡᠷᠭᠡ  ᠦᠢᠯᠡᠴᠢᠯᠡᠭᠡᠨ ᠤ  ᠨᠢᠬᠡᠴᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠱᠠᠭᠠᠷᠳᠠᠨ ᠪᠠᠶᠢᠴᠠᠭᠠᠯᠳᠠ ᠬᠢᠵᠡᠢ᠃  ᠡᠶᠢᠨ ᠬᠦ᠋᠂ ᠱᠦᠢ ᠹᠦ᠋ ᠨᠢᠶᠠᠨ ᠬᠤᠸᠠ ᠤᠬᠢᠶᠠᠯᠭ᠎ᠠ ᠶᠢᠨ  ᠭᠠᠵᠠᠷ᠂ ᠸᠧᠨ ᠪᠢ ᠴᠢᠤᠸᠠᠨ ᠤᠬᠢᠶᠠᠯᠭ᠎ᠠ ᠶᠢᠨ ᠭᠠᠵᠠᠷ᠂   ᠱᠦᠢ ᠶᠦᠨ ᠰᠢᠤᠸᠠᠨ ᠬᠥᠯ ᠨᠤᠬᠤᠯᠠᠬᠤ ᠭᠠᠵᠠᠷ ᠵᠡᠷᠭᠡ 10  ᠡᠷᠦᠬᠡ ᠡᠵᠡᠩᠨᠡᠯᠲᠡ ᠶᠢᠨ ᠨᠢᠬᠡᠴᠡ ᠳᠤ ᠪᠠᠶᠢᠴᠠᠭᠠᠯᠲᠠ  ᠬᠢᠭᠰᠡᠨ ᠤ ᠳ᠋ᠦᠩ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠦᠷᠢᠮ ᠲᠤᠭᠳᠠᠭᠠᠯ ᠠᠴᠠ ᠵᠥᠷᠢᠴᠡᠭᠰᠡᠨ ᠦᠵᠡᠭᠳᠡᠯ ᠨᠢᠬᠡᠴᠦ ᠢᠯᠡᠷᠡᠭᠰᠡᠨ ᠦᠬᠡᠢ ᠪᠠᠶᠢᠪᠠ᠃ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠠᠵᠢᠯᠳᠠᠨ  ᠪᠠᠶᠢᠴᠠᠭᠠᠯᠲᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号