11 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠤᠨ ᠡᠷᠬᠢᠯᠡᠭᠴᠢ ᠰᠦᠨ ᠬᠠᠨ ᠴᠢ᠂ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠰᠢᠯᠢᠨ ᠵᠡᠷᠭᠡ ᠬᠦᠮᠦᠰ ᠴᠢᠶᠠᠨ ᠶᠢᠨ ᠭᠧᠦ | ᠪᠠᠯᠭᠠᠰᠤᠨ ᠳᠤ ᠬᠦᠨᠵᠡᠬᠡᠶᠢᠷᠡᠵᠦ᠂ ᠲᠣᠰᠬᠤᠨ ᠱᠠᠲᠤᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ | ᠲᠥᠪ ᠤᠨ ᠪᠦᠳᠦᠬᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠵᠢᠯᠣᠭᠤᠳᠪᠠ᠃ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠵᠠᠩ ᠹᠧᠩ ᠦ᠋᠂ ᠵᠣᠬᠢᠶᠠᠨ ᠪᠠᠶᠢᠭᠤᠯᠬᠤ ᠭᠡᠰᠢᠭᠦᠨ ᠵᠠᠩ ᠸᠧᠨ ᠲᠤᠸ ᠪᠠᠷ᠎ᠠ ᠪᠤᠯᠵᠠᠢ᠃ | ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠰᠢ ᠳ᠋ᠡ ᠵᠢᠩ ᠲᠣᠰᠬᠤᠨ᠂ ᠳ᠋ᠠ ᠭᠧ ᠳ᠋ᠦᠩ ᠲᠣᠰᠬᠤᠨ᠂ | ᠰᠠᠨ ᠵᠢᠶᠧ ᠲᠣᠰᠬᠤᠨ᠂ ᠴᠠᠪ ᠨᠠᠭᠤᠷ ᠲᠣᠰᠬᠤᠨ᠂ ᠮᠢᠨ ᠵᠦᠩ ᠲᠣᠰᠬᠤᠨ ᠳᠤ ᠬᠦᠷᠴᠦ᠂ ᠨᠠᠮ ᠤᠨ ᠭᠡᠰᠢᠬᠦᠨ | ᠣᠯᠠᠨ ᠲᠦᠮᠡᠨ ᠳᠤ ᠦᠢᠯᠡᠴᠢᠯᠡᠬᠦ ᠲᠥᠪ ᠤᠨ ᠪᠠᠷᠢᠮᠵᠢᠶᠠᠵᠢᠭᠰᠠᠨ ᠪᠠᠶᠢᠭᠤᠯᠤᠯᠲᠠ ᠪᠠ ᠬᠦᠳᠡᠯᠪᠦᠷᠢ ᠠᠵᠢᠯᠯᠠᠭᠠᠨ ᠤ | ᠰᠠᠭᠤᠷᠢᠨ ᠭᠠᠵᠠᠷ ᠤᠨ ᠬᠡᠷᠡᠭᠯᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠦᠭᠡᠳ | ᠬᠠᠮᠢᠶ᠎ᠠ ᠪᠦᠬᠦᠢ ᠠᠵᠢᠯ ᠤᠨ ᠲᠠᠩᠰᠠ ᠡᠪᠬᠡᠮᠡᠯ ᠵᠢᠴᠢ ᠦᠢᠯᠡᠴᠢᠯᠡᠭᠡᠨ ᠤ ᠲᠡᠮᠳᠡᠭᠯᠡᠯ ᠢ ᠨᠠᠷᠢᠨ ᠨᠢᠮᠪᠠᠢ ᠤᠷᠪᠠᠭᠤᠯᠤᠨ | ᠦᠵᠡᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠤᠨ ᠪᠠᠶᠢᠭᠤᠯᠤᠯᠲᠠ᠂ ᠲᠤᠬᠠᠶᠢᠯᠠᠭᠰᠠᠨ | ᠠᠵᠢᠯ ᠤᠨ ᠭᠦᠢᠴᠡᠳᠬᠡᠬᠦ ᠵᠦᠢᠯᠡᠰ᠂ ᠠᠵᠢᠯᠯᠠᠬᠤ ᠲᠣᠭᠤᠷᠢᠭ ᠤᠨ ᠪᠠᠶᠢᠷᠢᠯᠠᠭᠤᠯᠤᠯᠳᠠ᠂ ᠰᠠᠮᠪᠠᠷᠠᠯᠠᠨ | ᠨᠡᠶᠢᠳᠡᠯᠡᠭᠰᠡᠨ ᠳᠦᠷᠢᠮ ᠲᠤᠭᠳᠠᠭᠠᠯ ᠵᠡᠷᠭᠡ ᠠᠭᠤᠯᠭ᠎ᠠ ᠶᠢ ᠭᠦᠨᠵᠡᠭᠡᠢ ᠣᠶᠢᠯᠠᠭᠠᠭᠰᠠᠨ ᠪᠥᠭᠡᠳ ᠵᠢᠯᠤᠭᠤᠳᠬᠤ | ᠴᠢᠨᠠᠷᠲᠠᠢ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ ᠪᠠᠶᠢᠴᠠᠭᠠᠬᠤ ᠪᠦᠯᠬᠦᠮ ᠤᠨ ᠬᠢᠨ ᠴᠢᠬᠤᠯᠠᠴᠢᠯᠠᠬᠤ | ᠳᠠᠭᠠᠨ᠂ ᠨᠢᠭᠡ ᠳᠤ ︽ᠲᠠᠪᠤᠨ ᠭᠤᠷᠪᠠ︾ ᠶᠢᠨ ᠦᠨᠳᠦᠰᠦᠨ ᠵᠠᠭᠪᠤᠷ ᠤᠨ ᠲᠣᠭᠤᠷᠢᠨ ᠳᠤ᠂ ︽ᠨᠢᠭᠡ ᠲᠢᠩᠬᠢᠮ | ᠨᠢᠭᠡ ᠰᠠᠯᠪᠤᠷᠢ ᠲᠠᠪᠤᠨ ᠲᠣᠭᠤᠷᠢᠭ ᠣᠯᠠᠨ ᠲᠠᠰᠤᠭ︾ ᠤᠨ ᠪᠠᠷᠢᠮᠵᠢᠶ᠎ᠠ ᠶᠣᠰᠣᠭᠠᠷ᠂ ᠲᠣᠰᠬᠤᠨ ᠱᠠᠲᠤᠨ ᠤ | ᠠᠵᠢᠯᠯᠠᠬᠤ ᠭᠠᠵᠠᠷ ᠢ ᠵᠦᠢ ᠵᠣᠬᠢᠰᠲᠠᠢ ᠲᠣᠬᠢᠷᠠᠭᠤᠯᠵᠤ᠂ ᠦᠨᠳᠦᠰᠦᠨ ᠱᠠᠲᠤᠨ ᠤ ᠨᠠᠮ ᠤᠨ ᠭᠡᠰᠢᠬᠦᠨ ᠣᠯᠠᠨ | ᠲᠦᠮᠡᠨ ᠳᠤ ᠦᠢᠯᠡᠴᠢᠺᠡᠬᠦ ᠲᠥᠪ ᠤᠨ ᠦᠢᠯᠡᠳᠦᠯ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ᠃ ᠬᠤᠶᠠᠷ ᠲᠤ | ᠶᠡᠷᠦᠩᠬᠡᠶᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠤᠨ᠂ ᠬᠦᠢᠴᠡᠳᠭᠡᠬᠦ ᠵᠢᠯᠤᠭᠤᠳᠤᠮᠵᠢ ᠪᠠ | ᠠᠵᠢᠯ ᠤᠨ ᠶᠠᠪᠤᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤᠯᠠᠨ ᠲᠦᠮᠡᠨ ᠤ | ᠱᠠᠭᠠᠷᠳᠠᠯᠭ᠎ᠠ ᠬᠡᠷᠡᠭᠴᠡᠭᠡ ᠶᠢ ᠬᠠᠩᠭᠠᠨ ᠂ ᠨᠠᠮ ᠤᠨ ᠭᠡᠰᠢᠭᠦᠨ ᠤᠯᠠᠨ ᠲᠦᠮᠡᠨ ᠳᠤ ᠪᠤᠳᠠᠳᠠᠢ ᠠᠵᠢᠯ ᠰᠠᠶᠢᠨ ᠠᠵᠢᠯ | ᠬᠢᠬᠦ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠬᠠᠮᠢᠶ᠎ᠠ ᠪᠦᠬᠦᠢ ᠳᠦᠷᠢᠮ ᠲᠤᠭᠳᠠᠭᠠᠯ ᠢ ᠲᠡᠬᠦᠯᠳᠡᠷᠵᠢᠬᠦᠯᠦᠨ᠂ ᠰᠠᠭᠤᠷᠢᠨ ᠭᠠᠵᠠᠷ ᠤᠨ ᠪᠠᠶᠢᠭᠤᠯᠤᠯᠲᠠ᠂ | ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠪᠠᠯᠭᠠᠰᠤᠨ ᠤ ᠨᠠᠮ ᠤᠨ ᠬᠤᠷᠢᠶ᠎ᠠ ᠨᠢ ᠢᠳᠡᠪᠬᠢᠳᠡᠢ ᠪᠠᠷ | ᠬᠠᠪᠰᠤᠷᠤᠨ ᠵᠢᠯᠤᠭᠤᠳᠴᠤ᠂ ᠲᠣᠰᠬᠤᠨ ᠱᠠᠲᠤᠨ ᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ | ᠲᠥᠪ ᠢ ᠨᠠᠮ ᠤᠨ ᠭᠡᠰᠢᠭᠦᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠬᠳᠠ ᠬᠤᠯᠪᠤᠭᠳᠠᠭᠰᠠᠨ | ᠬᠠᠯᠠᠭᠤᠨ ᠳᠤᠯᠠᠭᠠᠨ ᠭᠡᠷ ᠣᠷᠣᠨ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠬᠡᠵᠡᠢ᠃ |