ᠯᠦᠸᠧ ᠲᠦᠸᠧ ᠱᠠᠨ ᠪᠠᠯᠭᠠᠰᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2022/11/5
    ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠢ ᠦᠨᠡᠨ ᠬᠦ  ᠰᠠᠶᠢᠨ ᠬᠢᠵᠦ᠂ ᠪᠠᠯᠭᠠᠰᠤ ᠲᠣᠰᠬᠤᠨ ᠬᠤᠶᠠᠷ ᠱᠠᠳᠤᠨ ᠤ ᠤ ᠭᠠᠯ ᠰᠡᠷᠭᠡᠶᠢᠯᠡᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ 10 ᠰᠠᠷ᠎ᠠ ᠶᠢᠨ 30 ᠤ ᠡᠳᠦᠷ ᠯᠥᠸᠧ ᠲᠦᠸᠧ ᠱᠠᠨ ᠪᠠᠯᠭᠠᠰᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠣᠯᠪᠠᠰᠤᠷᠠᠯ ᠤᠨ ᠬᠤᠷᠠᠯ ᠬᠢᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠯᠭᠠᠰᠤ ᠲᠣᠰᠬᠤᠨ ᠬᠤᠶᠠᠷ ᠱᠠᠲᠤᠨ ᠤ ᠭᠠᠯ ᠰᠡᠷᠭᠡᠶᠢᠯᠡᠬᠦ ᠠᠩᠭᠢ ᠶᠢᠨ ᠭᠡᠰᠢᠭᠦᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ ᠶᠤᠸᠠᠨ ᠰᠢᠶᠣᠣ ᠳ᠋ᠦᠩ ᠠᠴᠠ ︽ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠦᠨᠳᠦᠰᠦᠨ ᠮᠡᠳᠡᠯᠭᠡ︾ ᠲᠠᠢ ᠤᠶᠠᠯᠳᠤᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠭᠠᠯ ᠤᠨᠲᠠᠷᠠᠭᠠᠬᠤ ᠶᠡᠷᠦ ᠶᠢᠨ ᠮᠡᠳᠡᠯᠭᠡ  ᠶᠢ ᠨᠠᠷᠢᠨ ᠲᠠᠶᠢᠯᠪᠤᠷᠢᠯᠠᠭᠰᠠᠨ ᠪᠥᠭᠡᠳ ᠬᠤᠷᠠᠯ ᠳᠤ ᠣᠷᠣᠯᠴᠠᠭᠰᠠᠳ ᠲᠠᠢ ᠰᠠᠨᠠᠯ ᠪᠤᠳᠤᠯ᠂ ᠠᠷᠭ᠎ᠠ ᠲᠤᠷᠰᠢᠯᠭ᠎ᠠ ᠪᠠᠨ ᠰᠤᠯᠢᠯᠴᠠᠵᠣ᠂ ᠮᠠᠳᠠᠭ ᠲᠠᠢ ᠠᠰᠠᠭᠤᠳᠠᠯ ᠢ ᠰᠢᠢᠳᠪᠦᠷᠢᠯᠡᠨ᠂ ᠭᠠᠯ ᠰᠡᠷᠭᠡᠶᠢᠯᠡᠬᠦ ᠠᠩᠬᠢ ᠶᠢᠨ ᠭᠡᠰᠢᠬᠦᠨ ᠨᠢᠬᠡᠪᠦᠷᠢ  ᠶᠢᠨ ᠭᠠᠯ ᠤᠨᠲᠠᠷᠠᠭᠠᠵᠤ ᠠᠶᠤᠯ ᠠᠴᠠ ᠠᠪᠤᠷᠠᠬᠤ ᠦᠨᠳᠦᠰᠦᠨ ᠮᠡᠳᠡᠯᠭᠡ  ᠶᠢ ᠰᠠᠶᠢᠳᠤᠷ ᠡᠵᠡᠮᠰᠢᠬᠦ ᠶᠢ ᠪᠠᠳᠤᠯᠠᠭᠰᠠᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠬᠤᠷᠠᠯ ᠤᠨ ᠶᠠᠷᠢᠶᠠᠨ ᠳᠠᠭᠠᠨ᠂ ᠨᠢᠭᠡ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ  ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠬᠦ ᠠᠩᠭᠢ ᠶᠢᠨ ᠭᠡᠰᠢᠭᠦᠨ᠂ ᠣᠶ ᠪᠡᠯᠴᠢᠭᠡᠷ ᠬᠠᠮᠠᠭᠠᠯᠠᠭᠴᠢ ᠨᠢ  ᠬᠦᠮᠦᠨ ᠢ ᠨᠢ ᠲᠠᠨᠢᠵᠤ ᠭᠠᠵᠠᠷ ᠢ ᠨᠢ ᠮᠡᠳᠡᠬᠦ ᠳᠠᠪᠠᠭᠤᠯᠢᠭ ᠢᠶᠠᠨ ᠪᠠᠳᠠᠷᠠᠭᠤᠯᠵᠤ᠂  ᠠᠭᠤᠯᠠ ᠲᠠᠯ᠎ᠠ ᠶᠢ ᠰᠠᠶᠢᠳᠤᠷ  ᠬᠠᠮᠢᠶᠠᠷᠤᠨ᠂ ᠬᠥᠮᠥᠨ ᠠᠷᠠᠳ ᠢ ᠰᠠᠶᠢᠲᠤᠷ ᠬᠠᠮᠢᠶᠠᠷᠬᠤ ᠬᠡᠷᠡᠭᠲᠡᠢ᠃ ᠬᠤᠶᠠᠷ ᠲᠤ ᠣᠶ ᠰᠢᠭᠤᠢ ᠨᠤᠲᠤᠭ ᠪᠡᠯᠴᠢᠭᠡᠷ ᠤᠨ  ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ  ᠬᠠᠮᠢᠶᠠᠷᠤᠨ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ  ᠪᠠᠨ ᠴᠢᠩᠭᠠᠳᠬᠠᠵᠤ᠂ ᠢᠯᠠᠩᠭᠤᠶ᠎ᠠ ᠭᠤᠣᠯᠳᠠᠯᠭ᠎ᠠ ᠲᠠᠢ ᠬᠥᠮᠥᠰ ᠢ ᠤᠬᠠᠭᠤᠯᠤᠨ ᠵᠢᠯᠤᠭᠤᠳᠬᠤ ᠪᠠ ᠬᠠᠮᠢᠶᠠᠷᠤᠨ ᠡᠵᠡᠮᠳᠡᠬᠦ  ᠪᠠᠨ ᠴᠢᠩᠭᠠᠳᠬᠠᠵᠤ᠂  ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨ ᠬᠦ  ᠪᠠᠬᠢᠵᠢᠬᠦᠯᠬᠦ ᠭᠡᠷᠡᠭᠳᠡᠢ ᠬᠡᠵᠦ ᠴᠢᠬᠤᠯᠠᠴᠢᠯᠠᠪᠠ᠃  ᠪᠤᠯᠪᠠᠰᠤᠷᠠᠯ ᠤᠨ ᠲᠠᠷᠠᠭ᠎ᠠ ᠪᠠᠰᠠ ᠰᠢᠯᠭᠠᠯᠲᠠ ᠶᠢᠨ ᠬᠠᠭᠤᠳᠠᠰᠤ ᠲᠠᠷᠬᠠᠭᠠᠵᠤ ᠤᠨᠤᠯ ᠤᠨ ᠰᠢᠯᠭᠠᠯᠳᠠ ᠬᠢᠭᠰᠡᠨ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠢᠶᠠᠷ ᠲᠠᠮᠵᠢᠭᠠᠳ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠭᠤᠣᠯ ᠬᠦᠴᠦᠨ ᠪᠣᠯᠣᠨ ᠭᠠᠯ ᠰᠡᠷᠭᠡᠶᠢᠯᠡᠬᠦ ᠠᠩᠭᠢ ᠶᠢᠨ ᠭᠡᠰᠢᠭᠦᠳ ᠤᠨ ᠡᠭᠦᠷᠭᠡ ᠬᠠᠷᠢᠭᠤᠴᠠᠯᠭ᠎ᠠ ᠶᠢᠨ ᠲᠤᠬᠠᠢ ᠤᠬᠠᠮᠰᠠᠷ ᠲᠠᠨᠢᠯᠲᠠ   ᠶᠢ ᠲᠡᠭᠡᠭᠰᠢᠯᠡᠬᠦᠯᠵᠦ᠂ ᠡᠳᠦᠷ ᠲᠤᠲᠤᠮ ᠤᠨ ᠪᠠᠶᠢᠴᠠᠭᠠᠯᠳᠠ ᠪᠠ ᠬᠠᠮᠢᠶᠠᠷᠤᠯᠳᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠭᠠᠯ ᠤᠨᠲᠠᠷᠠᠭᠠᠬᠤ ᠴᠢᠳᠠᠪᠤᠷᠢ ᠶᠢ ᠤᠯᠠᠮ ᠨᠢᠬᠡ ᠠᠯᠬᠤᠮ ᠴᠢᠩᠭᠠᠷᠠᠭᠤᠯᠤᠭᠠᠳ᠂ ᠪᠥᠬᠦ  ᠪᠠᠯᠭᠠᠰᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ  ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ   ᠶᠢ ᠲᠠᠯᠪᠢᠵᠠᠢ᠃  
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号