ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠢᠨ ᠴᠢᠶᠠᠨ ᠶᠢᠨ ᠭᠧᠦ ᠪᠠᠯᠭᠠᠰᠤᠨ  ᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/11/6
    11 ᠰᠠᠷ᠎ᠠ ᠶᠢᠨ 4 ᠤ ᠡᠳᠦᠷ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠤᠨ ᠡᠷᠬᠢᠯᠡᠭᠴᠢ ᠰᠦᠨ ᠬᠠᠨ ᠴᠢ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠰᠢᠯᠢᠨ ᠵᠡᠷᠭᠡ ᠬᠦᠮᠦᠰ ᠴᠢᠶᠠᠨ ᠶᠢᠨ ᠭᠧᠦ ᠪᠠᠯᠭᠠᠰᠤᠨ ᠳᠤ ᠬᠦᠨᠵᠡᠬᠡᠶᠢᠷᠡᠵᠦ᠂ ᠲᠣᠰᠬᠤᠨ  ᠱᠠᠲᠤᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ  ᠪᠦᠳᠦᠬᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠵᠢᠯᠣᠭᠤᠳᠪᠠ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠹᠧᠩ ᠦ᠋᠂ ᠵᠣᠬᠢᠶᠠᠨ ᠪᠠᠶᠢᠭᠤᠯᠬᠤ ᠭᠡᠰᠢᠭᠦᠨ ᠵᠠᠩ ᠸᠧᠨ ᠲᠤᠸ ᠪᠠᠷ᠎ᠠ ᠪᠤᠯᠵᠠᠢ᠃  ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠰᠢ ᠳ᠋ᠡ ᠵᠢᠩ ᠲᠣᠰᠬᠤᠨ᠂ ᠳ᠋ᠠ ᠭᠧ ᠳ᠋ᠦᠩ ᠲᠣᠰᠬᠤᠨ᠂ ᠰᠠᠨ ᠵᠢᠶᠧ ᠲᠣᠰᠬᠤᠨ᠂ ᠴᠠᠪ ᠨᠠᠭᠤᠷ ᠲᠣᠰᠬᠤᠨ᠂ ᠮᠢᠨ ᠵᠦᠩ ᠲᠣᠰᠬᠤᠨ ᠳᠤ ᠬᠦᠷᠴᠦ᠂ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ  ᠪᠠᠷᠢᠮᠵᠢᠶᠠᠵᠢᠭᠰᠠᠨ ᠪᠠᠶᠢᠭᠤᠯᠤᠯᠲᠠ ᠪᠠ  ᠬᠦᠳᠡᠯᠪᠦᠷᠢ ᠠᠵᠢᠯᠯᠠᠭᠠᠨ ᠤ ᠰᠠᠭᠤᠷᠢᠨ ᠭᠠᠵᠠᠷ ᠤᠨ ᠬᠡᠷᠡᠭᠯᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠦᠭᠡᠳ ᠬᠠᠮᠢᠶ᠎ᠠ ᠪᠦᠬᠦᠢ ᠠᠵᠢᠯ ᠤᠨ ᠲᠠᠩᠰᠠ ᠡᠪᠬᠡᠮᠡᠯ ᠵᠢᠴᠢ ᠦᠢᠯᠡᠴᠢᠯᠡᠭᠡᠨ ᠤ ᠲᠡᠮᠳᠡᠭᠯᠡᠯ ᠢ ᠨᠠᠷᠢᠨ ᠨᠢᠮᠪᠠᠢ ᠤᠷᠪᠠᠭᠤᠯᠤᠨ ᠦᠵᠡᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠤᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠵᠦᠢᠯᠡᠰ᠂  ᠠᠵᠢᠯᠯᠠᠬᠤ  ᠲᠣᠭᠤᠷᠢᠭ ᠤᠨ ᠪᠠᠶᠢᠷᠢᠯᠠᠭᠤᠯᠤᠯᠳᠠ᠂  ᠰᠠᠮᠪᠠᠷᠠᠯᠠᠨ ᠨᠡᠶᠢᠳᠡᠯᠡᠭᠰᠡᠨ ᠳᠦᠷᠢᠮ ᠲᠤᠭᠳᠠᠭᠠᠯ ᠵᠡᠷᠭᠡ ᠠᠭᠤᠯᠭ᠎ᠠ ᠶᠢ ᠭᠦᠨᠵᠡᠭᠡᠢ ᠣᠶᠢᠯᠠᠭᠠᠭᠰᠠᠨ ᠪᠥᠭᠡᠳ  ᠵᠢᠯᠤᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃  ᠪᠠᠶᠢᠴᠠᠭᠠᠬᠤ ᠪᠦᠯᠬᠦᠮ ᠤᠨ ᠬᠢᠨ  ᠴᠢᠬᠤᠯᠠᠴᠢᠯᠠᠬᠤ  ᠳᠠᠭᠠᠨ᠂ ᠨᠢᠭᠡ ᠳᠤ ︽ᠲᠠᠪᠤᠨ ᠭᠤᠷᠪᠠ︾ ᠶᠢᠨ ᠦᠨᠳᠦᠰᠦᠨ ᠵᠠᠭᠪᠤᠷ ᠤᠨ ᠲᠣᠭᠤᠷᠢᠨ ᠳᠤ᠂ ︽ᠨᠢᠭᠡ ᠲᠢᠩᠬᠢᠮ ᠨᠢᠭᠡ ᠰᠠᠯᠪᠤᠷᠢ ᠲᠠᠪᠤᠨ ᠲᠣᠭᠤᠷᠢᠭ ᠣᠯᠠᠨ  ᠲᠠᠰᠤᠭ︾  ᠤᠨ ᠪᠠᠷᠢᠮᠵᠢᠶ᠎ᠠ ᠶᠣᠰᠣᠭᠠᠷ᠂ ᠲᠣᠰᠬᠤᠨ ᠱᠠᠲᠤᠨ ᠤ ᠠᠵᠢᠯᠯᠠᠬᠤ ᠭᠠᠵᠠᠷ ᠢ ᠵᠦᠢ ᠵᠣᠬᠢᠰᠲᠠᠢ ᠲᠣᠬᠢᠷᠠᠭᠤᠯᠵᠤ᠂ ᠦᠨᠳᠦᠰᠦᠨ ᠱᠠᠲᠤᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠺᠡᠬᠦ ᠲᠥᠪ ᠤᠨ ᠦᠢᠯᠡᠳᠦᠯ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ᠃ ᠬᠤᠶᠠᠷ ᠲᠤ ᠶᠡᠷᠦᠩᠬᠡᠶᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠢ  ᠰᠠᠶᠢᠵᠢᠷᠠᠭᠤᠯᠤᠨ᠂ ᠬᠦᠢᠴᠡᠳᠭᠡᠬᠦ ᠵᠢᠯᠤᠭᠤᠳᠤᠮᠵᠢ ᠪᠠ ᠠᠵᠢᠯ ᠤᠨ ᠶᠠᠪᠤᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤᠯᠠᠨ ᠲᠦᠮᠡᠨ ᠤ  ᠱᠠᠭᠠᠷᠳᠠᠯᠭ᠎ᠠ ᠬᠡᠷᠡᠭᠴᠡᠭᠡ ᠶᠢ ᠬᠠᠩᠭᠠᠨ  ᠂ ᠨᠠᠮ ᠤᠨ ᠭᠡᠰᠢᠭᠦᠨ ᠤᠯᠠᠨ ᠲᠦᠮᠡᠨ ᠳᠤ ᠪᠤᠳᠠᠳᠠᠢ ᠠᠵᠢᠯ ᠰᠠᠶᠢᠨ ᠠᠵᠢᠯ  ᠬᠢᠬᠦ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠮᠢᠶ᠎ᠠ ᠪᠦᠬᠦᠢ ᠳᠦᠷᠢᠮ ᠲᠤᠭᠳᠠᠭᠠᠯ ᠢ ᠲᠡᠬᠦᠯᠳᠡᠷᠵᠢᠬᠦᠯᠦᠨ᠂  ᠰᠠᠭᠤᠷᠢᠨ ᠭᠠᠵᠠᠷ ᠤᠨ ᠪᠠᠶᠢᠭᠤᠯᠤᠯᠲᠠ᠂ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠪᠠᠯᠭᠠᠰᠤᠨ ᠤ ᠨᠠᠮ ᠤᠨ ᠬᠤᠷᠢᠶ᠎ᠠ ᠨᠢ  ᠢᠳᠡᠪᠬᠢᠳᠡᠢ ᠪᠠᠷ ᠬᠠᠪᠰᠤᠷᠤᠨ ᠵᠢᠯᠤᠭᠤᠳᠴᠤ᠂ ᠲᠣᠰᠬᠤᠨ  ᠱᠠᠲᠤᠨ ᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠢ ᠨᠠᠮ ᠤᠨ ᠭᠡᠰᠢᠭᠦᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ  ᠯᠤᠭ᠎ᠠ ᠨᠢᠬᠳᠠ ᠬᠤᠯᠪᠤᠭᠳᠠᠭᠰᠠᠨ ᠬᠠᠯᠠᠭᠤᠨ ᠳᠤᠯᠠᠭᠠᠨ ᠭᠡᠷ ᠣᠷᠣᠨ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠬᠡᠵᠡᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号