ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠰᠢᠨ᠎ᠡ ᠦᠵᠡᠯ ᠰᠠᠨᠠᠭ᠎ᠠ ᠪᠠᠷ ᠰᠢᠨ᠎ᠡ ᠠᠶᠠᠨ ᠵᠠᠮ ᠢᠶᠠᠨ ᠵᠢᠯᠤᠭᠤᠳᠤᠭᠤᠯᠤᠨ᠎ᠠ
ᠨᠡᠶᠢᠲᠡᠯᠡᠭᠰᠡᠨ ᠴᠠᠭ᠄
2022/11/7
   ᠣᠶᠢᠷ᠎ᠠ ᠶᠢᠨ ᠡᠳᠦᠷ ᠤᠳ ᠲᠤ᠂ ᠲᠠᠶᠢᠹᠤᠰᠧ ᠬᠤᠰᠢᠭᠤᠨ ᠤ ᠡᠯ᠎ᠡ ᠭᠠᠵᠠᠷ ᠤᠷᠤᠨ ᠡᠯ᠎ᠡ  ᠰᠠᠯᠠᠭ᠎ᠠ ᠮᠦᠴᠢᠷ  ᠤᠨ ᠬᠢᠨ ᠣᠯᠠᠨ ᠶᠠᠩᠵᠤ ᠶᠢᠨ ᠠᠮᠢᠳᠤᠯᠢᠭ ᠠᠷᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠪᠥᠬᠦ ᠲᠠᠯ᠎ᠠ ᠪᠠᠷ ᠰᠤᠷᠤᠯᠴᠠᠵᠤ᠂  ᠲᠠᠬᠢᠨ ᠲᠠᠪᠳᠠᠨ ᠰᠤᠷᠤᠯᠴᠠᠵᠤ ᠰᠤᠳᠤᠯᠬᠤ ᠳᠤᠮᠳᠠ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠶᠢᠯᠠᠭᠠᠨ᠂ ᠰᠢᠨ᠎ᠡ ᠦᠵᠡᠯ ᠰᠠᠨᠠᠭ᠎ᠠ ᠰᠢᠨ᠎ᠡ ᠨᠤᠲᠠᠯᠠᠯᠲᠠ ᠶᠢᠨ ᠳᠤᠮᠳᠠ ᠦᠪᠡᠷᠰᠡᠳ ᠤᠨ ᠵᠦᠷᠢᠶ᠎ᠡ ᠲᠤᠳᠠᠭᠳᠠᠯ ᠢᠶᠠᠨ ᠡᠷᠢᠵᠦ᠂ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢᠨ ᠳᠤᠮᠳᠠ ᠬᠤᠶᠢᠰᠢᠳᠠ  ᠶᠢᠨ ᠠᠵᠢᠯ ᠢᠶᠠᠨ ᠪᠤᠳᠤᠯᠬᠢᠯᠠᠨ ᠲᠦᠯᠦᠪᠯᠡᠵᠦ ᠪᠠᠶᠢᠨ᠎ᠠ᠃     ᠲᠠᠶᠢᠹᠤᠰᠧ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠨ᠂  ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠬᠤᠲᠠ ᠶᠢᠨ ᠬᠠᠮᠢᠶᠠᠷᠤᠯᠲᠠ ᠨᠢ ᠬᠤᠸᠠᠷ ᠬᠠᠳᠬᠤᠮᠠᠯ ᠲᠠᠢ ᠠᠳᠠᠯᠢ ᠨᠠᠷᠢᠯᠢᠭ ᠪᠠᠶᠢᠬᠤ︾  ᠰᠡᠳᠬᠢᠴᠡ ᠶᠢ ᠪᠠᠷᠢᠮᠳᠠᠯᠠᠨ ᠂ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠠᠴᠢᠶᠠᠯᠠᠪᠤᠷᠢ ᠪᠣᠯᠭᠠᠵᠤ᠂ ᠠᠷᠠᠳ ᠲᠤ ᠲᠥᠬᠦᠮ ᠦᠵᠡᠭᠦᠯᠬᠦ ᠪᠣᠳᠠᠲᠤ ᠶᠠᠪᠤᠳᠠᠯ ᠢ ᠪᠥᠬᠦ ᠬᠦᠴᠦᠨ ᠢᠶᠠᠷ ᠰᠠᠶᠢᠨ ᠬᠢᠵᠦ᠂ ᠡᠩᠨᠡᠭᠡᠨ ᠤ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠬᠦ ᠠᠵᠢᠯ ᠤᠨ ᠭᠡᠪ ᠰᠤᠷᠲᠠᠯ ᠢᠶᠠᠨ ᠢᠮᠠᠭᠲᠠ ᠪᠠᠷᠢᠮᠲᠠᠯᠠᠵᠤ᠂ ᠬᠤᠲᠠ ᠶᠢᠨ ᠦᠩᠭᠡ ᠲᠦᠷᠬᠦ ᠶᠢ ᠤᠯᠠᠮ ᠰᠠᠶᠢᠵᠢᠷᠠᠭᠤᠯᠤᠨ᠂  ᠬᠤᠲᠠ ᠶᠢᠨ ᠠᠷᠠᠳ ᠤᠨ ᠠᠮᠢᠳᠤᠷᠠᠯ ᠢ ᠨᠠᠩ ᠴᠢᠨᠠᠷ ᠴᠢᠨᠰᠠᠭ᠎ᠠ ᠲᠠᠢ ᠪᠣᠯᠭᠠᠬᠤ ᠪᠠᠷ ᠴᠢᠷᠮᠠᠶᠢᠵᠤ ᠪᠤᠢ᠃      ᠲᠠᠶᠢᠹᠤᠰᠧ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ   ᠨᠢ ᠰᠤᠷᠤᠯᠴᠠᠬᠤ ᠠᠷᠭ᠎ᠠ ᠲᠦᠰᠦᠪ ᠢ ᠨᠠᠷᠢᠨ ᠬᠢᠨᠠᠮᠠᠭᠠᠢ ᠲᠣᠭᠲᠠᠭᠠᠵᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠤᠨ ᠰᠤᠷᠤᠯᠴᠠᠬᠤ ᠠᠭᠤᠯᠭ᠎ᠠ ᠳᠤ ᠤᠷᠤᠭᠤᠯᠤᠨ᠂ ᠪᠦᠬᠦ ᠺᠠᠳ᠋ᠷ ᠠᠵᠢᠯᠲᠠᠨ ᠤ ᠶᠡᠭᠡ ᠬᠤᠷᠠᠯ ᠢ ᠬᠤᠷᠠᠯᠳᠤᠭᠤᠯᠵᠤ᠂  ᠳᠠᠭᠠᠭᠤᠯᠤᠨ ᠰᠤᠷᠤᠯᠴᠠᠬᠤ᠂  ᠰᠤᠳᠤᠯᠤᠨ ᠶᠠᠷᠢᠯᠴᠠᠬᠤ ᠬᠡᠯᠪᠡᠷᠢ ᠪᠠᠷ  ᠬᠤᠷᠢᠳᠤᠭᠠᠷ  ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ᠂  ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ  ᠵᠡᠷᠭᠡ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ  ᠶᠢ ᠭᠤᠣᠯᠳᠠᠯᠭ᠎ᠠ  ᠲᠠᠢ ᠰᠤᠷᠤᠯᠴᠠᠨ᠂ ᠣᠯᠣᠯᠲᠠ ᠲᠥᠷᠥᠭᠳᠡᠯ ᠢᠶᠠᠨ ᠬᠤᠪᠢᠶᠠᠯᠴᠠᠨ ᠰᠣᠯᠢᠯᠴᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠣᠳᠠᠲᠤ ᠠᠵᠢᠯᠯᠠᠭ᠎ᠠ ᠪᠠ ᠠᠵᠢᠯ ᠤᠨ ᠠᠷᠭ᠎ᠠ ᠬᠡᠮᠵᠢᠶ᠎ᠡ ᠪᠤᠯᠭᠠᠵᠤ ᠬᠤᠪᠢᠷᠠᠭᠤᠯᠤᠨ᠂ ᠡᠯ᠎ᠡ ᠲᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂  ᠪᠦᠬᠦ ᠬᠤᠰᠢᠭᠤᠨ ᠤ ᠠᠵᠢᠯ ᠣᠯᠭᠤᠯᠲᠠ ᠠᠷᠠᠳ ᠤᠨ ᠠᠮᠢᠳᠤᠷᠠᠯ ᠤᠨ ᠦᠢᠯᠡᠰ ᠲᠤ ᠰᠢᠨ᠎ᠡ ᠬᠤᠪᠢ ᠨᠡᠮᠡᠷᠢ ᠦᠵᠡᠬᠦᠯᠬᠦ ᠪᠠᠷ ᠪᠠᠶᠢᠨ᠎ᠠ᠃     ᠲᠠᠶᠢᠹᠤᠰᠧ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ᠂  ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠰᠢᠨ᠎ᠡ ᠬᠠᠷᠠᠯᠲᠠ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ  ᠪᠠᠷ  ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ  ᠪᠠᠷ ᠠᠬᠢᠭᠤᠯᠬᠤ ᠲᠡᠮᠡᠴᠡᠯ ᠤᠨ ᠬᠠᠷᠠᠯᠲᠠ  ᠶᠢ ᠪᠠᠲᠤ  ᠡᠵᠡᠮᠰᠢᠨ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂  ᠠᠵᠤ ᠦᠢᠯᠡᠰ ᠤᠨ ᠬᠥᠭᠵᠢᠯᠲᠡ ᠪᠠᠷ ᠭᠠᠷᠳᠠᠬᠤ ᠴᠡᠭ ᠪᠠ ᠬᠦᠴᠦᠯᠡᠬᠦ ᠴᠡᠭ  ᠪᠤᠯᠭᠠᠨ᠂ ᠪᠥᠬᠦ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠲᠠᠢ ᠤᠶᠠᠯᠳᠤᠭᠤᠯᠵᠤ᠂  ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠦᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠡᠬᠦᠯᠳᠡᠷᠵᠢᠬᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ  ᠰᠢᠯᠢᠳᠡᠭᠵᠢᠬᠦᠯᠦᠨ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭ᠎ᠠ ᠮᠦᠷᠳᠡᠭᠡᠨ ᠪᠣᠳᠠᠲᠠᠢ ᠠᠳᠬᠤᠵᠤ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ  ᠨᠡᠮᠡᠷᠢᠯᠡᠬᠦ ᠪᠠᠷ ᠴᠢᠷᠮᠠᠶᠢᠨᠠᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号