ᠲᠠᠶᠢᠹᠤᠰᠧ ᠬᠤᠰᠢᠭᠤ  ᠪᠥᠭᠡᠮ ᠬᠦᠴᠢᠯ ᠤᠨ ᠪᠠᠶᠢᠴᠠᠭᠠᠯᠳᠠ ᠶᠢᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/11/7
  ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ 11 ᠰᠠᠷ᠎ᠠ ᠶᠢᠨ 1 ᠤ ᠡᠳᠦᠷ ᠠᠴᠠ ᠬᠤᠰᠢᠭᠤᠨ ᠤ ᠪᠥᠭᠡᠮ ᠬᠦᠴᠢᠯ ᠤᠨ ᠪᠠᠶᠢᠴᠠᠭᠠᠯᠳᠠ ᠶᠢᠨ ᠠᠵᠢᠯ  ᠤᠨ ᠲᠤᠰᠬᠠᠢ ᠠᠩᠭᠢ ᠨᠢ ᠲᠤᠰᠬᠠᠢ ᠮᠡᠷᠭᠡᠵᠢᠯ ᠤᠨ ᠡᠮᠴᠢ ᠰᠤᠪᠢᠯᠠᠭᠴᠢ ᠶᠢ ᠤᠷᠢᠵᠤ᠂  ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠡᠯ᠎ᠡ ᠪᠠᠶᠢᠭᠤᠯᠭ᠎ᠠ ᠨᠢᠭᠡᠴᠡ ᠳᠤ ᠪᠥᠭᠡᠮ ᠬᠦᠴᠢᠯ ᠤᠨ ᠥᠯᠢᠭᠡᠷ ᠠᠪᠬᠤ ᠪᠠ ᠮᠡᠳᠡᠭᠡ ᠵᠠᠩᠭᠢ ᠶᠢ  ᠰᠢᠰᠲ᠋ᠧᠮ ᠳᠤ ᠤᠷᠤᠭᠤᠯᠬᠤ ᠪᠣᠯᠪᠠᠰᠤᠷᠠᠯ ᠤᠨ ᠠᠵᠢᠯ ᠢ  ᠬᠢᠵᠦ ᠡᠬᠢᠯᠡᠪᠡ᠃  ᠡᠨᠡ ᠤᠳᠠᠭᠠᠨ ᠤ ᠪᠣᠯᠪᠠᠰᠤᠷᠠᠯ ᠨᠢ ᠸᠢᠳᠢᠤ᠋ ᠦᠵᠡᠬᠦ᠂ PPT ᠪᠠᠷ ᠬᠢᠴᠢᠶᠡᠯᠯᠡᠬᠦ᠂  ᠠᠬᠤᠢ ᠲᠠᠯᠠᠪᠠᠢ ᠳᠤ ᠬᠢᠵᠦ ᠦᠵᠡᠭᠦᠯᠬᠦ ᠵᠡᠷᠭᠡ ᠠᠷᠭ᠎ᠠ  ᠬᠡᠯᠪᠡᠷᠢ ᠪᠠᠷ   ᠬᠠᠮᠠᠭᠠᠯᠠᠯᠳᠠ ᠶᠢᠨ ᠬᠤᠪᠴᠠᠰᠤ ᠶᠢ ᠡᠮᠦᠰᠴᠦ ᠲᠠᠶᠢᠯᠬᠤ᠂ ᠭᠠᠷ ᠢᠶᠠᠨ ᠠᠷᠢᠭᠤᠳᠬᠠᠬᠤ᠂ ᠪᠥᠭᠡᠮ ᠬᠦᠴᠢᠯ ᠤᠨ ᠥᠯᠢᠭᠡᠷ ᠠᠪᠬᠤ ᠵᠡᠷᠭᠡ ᠠᠭᠤᠯᠭ᠎ᠠ ᠶᠢᠨ ᠲᠣᠭᠤᠷᠢᠨ ᠳᠤ ᠪᠥᠬᠦ ᠲᠠᠯ᠎ᠠ ᠶᠢᠨ ᠨᠠᠷᠢᠨ ᠨᠢᠮᠪᠠᠢ ᠲᠠᠶᠢᠯᠪᠤᠷᠢ ᠬᠢᠵᠦ᠂ ᠪᠣᠯᠪᠠᠰᠤᠷᠠᠯ ᠳᠤ ᠣᠷᠣᠯᠴᠠᠭᠰᠠᠳ ᠲᠤ ᠠᠵᠢᠯᠯᠠᠬᠤ ᠶᠠᠪᠤᠴᠠ ᠪᠠ ᠨᠠᠷᠢᠨ ᠵᠦᠢᠯᠡᠰ ᠢ ᠤᠶᠢᠯᠠᠭᠠᠭᠤᠯᠤᠨ᠂ ᠮᠡᠳᠡᠭᠡ ᠵᠠᠩᠭᠢ ᠴᠤᠭᠯᠠᠭᠤᠯᠬᠤ ᠠᠯᠬᠤᠮ ᠳᠠᠷᠠᠭ᠎ᠠ ᠶᠢ ᠡᠵᠡᠮᠰᠢᠬᠦᠯᠦᠭᠡᠳ᠂ ᠬᠡᠷᠡᠭᠯᠡᠭᠡᠨ ᠤ ᠴᠢᠨᠠᠷ ᠪᠠ ᠵᠢᠯᠤᠭᠤᠳᠬᠤ ᠴᠢᠨᠠᠷ  ᠢᠶᠠᠷ ᠮᠠᠰᠢ ᠴᠢᠩᠭ᠎ᠠ   ᠬᠢᠴᠢᠶᠡᠯ ᠪᠤᠯᠪᠠᠰᠤᠷᠠᠯ ᠪᠤᠯᠵᠠᠢ᠃ ᠣᠨᠣᠯ ᠤᠨ ᠬᠢᠴᠢᠶᠡᠯ ᠳᠠᠭᠤᠰᠤᠭᠰᠠᠨ ᠤ ᠳᠠᠷᠠᠭ᠎ᠠ᠂ ᠲᠤᠰᠬᠠᠢ ᠮᠡᠷᠭᠡᠵᠢᠯ ᠤᠨ ᠠᠵᠢᠯᠲᠠᠨ ᠤ ᠬᠢᠨᠠᠯᠲᠠ ᠪᠠ ᠵᠢᠯᠣᠭᠤᠳᠤᠯᠭ᠎ᠠ ᠳᠣᠣᠷ᠎ᠠ ᠪᠣᠯᠪᠠᠰᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠤᠷ ᠲᠤ ᠬᠠᠮᠠᠭᠠᠯᠠᠯᠲᠠ ᠶᠢᠨ ᠬᠤᠪᠴᠠᠰᠤ  ᠡᠮᠦᠰᠴᠦ ᠲᠠᠶᠢᠯᠬᠤ᠂ ᠭᠠᠷ ᠢᠶᠠᠨ ᠠᠷᠢᠭᠤᠳᠬᠠᠬᠤ᠂  ᠪᠦᠬᠡᠮ ᠬᠦᠴᠢᠯ ᠤᠨ ᠥᠯᠢᠭᠡᠷ ᠠᠪᠬᠤ ᠲᠠᠰᠬᠠᠯᠵᠢᠯ ᠢ ᠬᠢᠭᠰᠡᠨ ᠪᠠᠶᠢᠨ᠎ᠠ᠃ ᠣᠲᠣ ᠪᠣᠯᠲᠠᠯ᠎ᠠ᠂ ᠪᠥᠬᠦ ᠬᠤᠰᠢᠭᠤᠨ ᠳᠤ ᠨᠢᠭᠡᠨᠲᠡ 63 ᠲᠠᠯᠠᠪᠠᠢ ᠪᠣᠯᠪᠠᠰᠤᠷᠠᠯ ᠡᠷᠬᠢᠯᠡᠵᠦ᠂ 1000 ᠭᠠᠷᠤᠢ ᠬᠥᠮᠥᠨ ᠪᠤᠯᠪᠠᠰᠤᠷᠠᠯ ᠳᠤ ᠤᠷᠤᠯᠴᠠᠵᠠᠢ᠃ ᠪᠣᠯᠪᠠᠰᠤᠷᠠᠯ ᠢᠶᠠᠷ ᠲᠠᠮᠵᠢᠭᠠᠳ ᠪᠦᠬᠦ ᠬᠤᠰᠢᠭᠤᠨ ᠤ ᠺᠠᠳᠠᠷ ᠠᠵᠢᠯᠳᠠᠳ ᠲᠤ ᠪᠥᠭᠡᠮ ᠬᠦᠴᠢᠯ ᠤᠨ ᠥᠯᠢᠭᠡᠷ ᠠᠪᠬᠤ ᠠᠷᠭ᠎ᠠ ᠮᠡᠷᠭᠡᠵᠢᠯ ᠢ  ᠡᠵᠡᠮᠰᠢᠬᠦᠯᠵᠦ᠂ ᠪᠥᠭᠡᠮ ᠬᠦᠴᠢᠯ ᠤᠨ ᠪᠠᠶᠢᠴᠠᠭᠠᠯᠳᠠ  ᠶᠢᠨ ᠣᠨᠣᠪᠴᠢᠲᠠᠶ ᠮᠦᠷᠳᠡᠭᠡᠨ ᠪᠦᠲᠦᠮᠵᠢᠲᠡᠶ ᠪᠠᠶᠢᠬᠤ ᠶᠢ ᠪᠠᠳᠤᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠬᠦ ᠳᠤ ᠬᠦᠴᠦᠲᠡᠢ ᠪᠠᠲᠤᠯᠠᠭ᠎ᠠ ᠬᠠᠩᠭᠠᠵᠤ᠂  ᠭᠡᠨᠡᠳᠲᠡ ᠶᠢᠨ ᠴᠢᠨᠠᠷᠳᠠᠢ ᠶᠡᠭᠡ ᠬᠡᠪᠴᠢᠶᠡᠨ ᠤ ᠪᠥᠭᠡᠮ ᠬᠦᠴᠢᠯ ᠤᠨ  ᠪᠠᠶᠢᠴᠠᠭᠠᠯᠳᠠ ᠶᠢᠨ ᠡᠭᠦᠷᠭᠡ ᠶᠢ ᠪᠡᠶᠡᠯᠡᠬᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号