ᠴᠢᠤᠸᠠᠨ ᡁᠢ ᠭᠠᠩ᠂ ᠲᠠᠶᠢᠹᠤᠰᠧ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠬᠤᠶᠠᠳᠤᠭᠠᠷ | ᠬᠤᠪᠢᠶᠠᠷᠢ ᠲᠤᠪᠴᠢᠶᠠᠨ ᠤ ᠳᠡᠳ᠋ ᠳᠠᠷᠤᠭ᠎ᠠ ᠂ 2021 ᠣᠨ ᠤ 8 ᠰᠠᠷ᠎ᠠ ᠳᠤ ᠬᠤᠩ ᠴᠢ ᠪᠠᠯᠭᠠᠰᠤᠨ ᠤ ᠶᠦᠩ | ᠱᠧᠩ ᠲᠣᠰᠬᠤᠨ ᠤ ᠨᠢᠭᠡᠳᠦᠭᠡᠷ ᠱᠦᠵᠢ ᠪᠥᠭᠡᠳ ᠠᠵᠢᠯᠯᠠᠬᠤ ᠠᠩᠭᠢ ᠶᠢᠨ ᠳᠠᠷᠤᠭ᠎ᠠ ᠪᠠᠷ | ᠲᠤᠮᠢᠯᠠᠭᠳᠠᠭᠰᠠᠨ ᠠᠴᠠ ᠨᠠᠰᠢ᠂ ᠲᠡᠷᠡᠪᠡᠷ ᠠᠵᠢᠯ ᠤᠨ ᠪᠠᠶᠢᠷᠢ ᠪᠠᠨ ᠨᠢᠭᠡᠳᠦᠭᠡᠷ ᠹᠷᠣᠨᠲ ᠲᠤ ᠰᠢᠯᠵᠢᠬᠦᠯᠵᠦ᠂ ᠠᠶᠢᠯ | ᠡᠷᠦᠬᠡ ᠪᠠᠷ ᠬᠦᠨᠵᠡᠬᠡᠶᠢᠷᠡᠨ᠂ ᠤᠯᠠᠨ ᠲᠦᠮᠡᠨ ᠲᠠᠢ ᠤᠶᠢᠷᠠᠳᠴᠤ᠂ ᠠᠷᠠᠳ ᠤᠨ ᠪᠠᠶᠢᠳᠠᠯ ᠢ ᠤᠶᠢᠯᠠᠭᠠᠨ᠂ | ᠲᠦᠷᠦ ᠶᠢᠨ ᠪᠣᠳᠣᠯᠭ᠎ᠠ ᠶᠢ ᠤᠬᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ | ᠹᠷᠣᠨᠲ ᠲᠤ ᠬᠠᠲᠠᠭᠤᠵᠢᠯᠲᠠᠢ ᠠᠵᠢᠯᠯᠠᠵᠤ ᠢᠷᠡᠵᠡᠢ᠃ | ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠡᠷᠬᠡᠪᠰᠢ ᠪᠠᠲᠤ ᠴᠢᠩᠭ᠎ᠠ ᠬᠦᠴᠦᠨ ᠪᠦᠬᠦᠢ | ᠲᠤᠰᠬᠤᠨ ᠤ ᠨᠠᠮ ᠤᠨ ᠡᠭᠦᠷ ᠢ ᠪᠠᠶᠢᠭᠤᠯᠬᠤ ᠨᠢ ᠴᠢᠬᠤᠯᠠ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠴᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠲᠠᠯ᠎ᠠ ᠪᠠᠷ ᠨᠡᠩ ᠡᠷᠡᠰ ᠪᠠᠲᠤ᠂ ᠠᠵᠢᠯ ᠤᠨ | ᠳᠤᠮᠳᠠ ᠪᠠᠨ ᠨᠡᠩ ᠢᠯᠡᠭᠦᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︾ ᠭᠡᠵᠦ | ᠴᠢᠤᠸᠠᠨ ᡁᠢ ᠭᠠᠩ ᠦᠷᠭᠦᠯᠵᠢ ᠶᠠᠷᠢᠳᠠᠭ ᠪᠠᠶᠢᠯ᠎ᠠ᠃ ᠡᠶᠢᠨ ᠬᠦ᠋᠂ ᠴᠢᠤᠸᠠᠨ ᡁᠢ ᠭᠠᠩ ᠨᠢᠭᠡ ᠲᠠᠯ᠎ᠠ ᠪᠠᠷ | ᠲᠣᠰᠬᠤᠨ ᠤ ᠨᠠᠮ ᠤᠨ ᠡᠭᠦᠷ ᠪᠣᠯᠣᠨ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠨᠦᠭᠦᠭᠡ ᠲᠠᠯ᠎ᠠ ᠪᠠᠷ ᠤᠬᠠᠭᠤᠯᠭ᠎ᠠ ᠵᠢᠯᠤᠭᠤᠳᠤᠯᠭ᠎ᠠ ᠶᠢᠨ ᠠᠵᠢᠯ ᠢ ᠨᠠᠷᠢᠨ ᠨᠢᠮᠪᠠᠢ ᠬᠢᠭᠰᠡᠨ ᠢᠶᠠᠷ᠂ ᠲᠤᠰ | ᠲᠤᠰᠬᠤᠨ ᠳᠤ ᠨᠠᠮ ᠤᠨ ᠡᠭᠦᠷ ᠬᠥᠲᠥᠯᠥᠨ ᠲᠠᠭᠠᠭᠤᠯᠤᠭᠰᠠᠨ᠂ ᠨᠠᠮ ᠤᠨ ᠭᠡᠰᠢᠭᠦᠨ ᠵᠢᠱᠢᠶ᠎ᠡ ᠦᠵᠡᠬᠦᠯᠦᠭᠰᠡᠨ᠂ | ᠤᠯᠠᠨ ᠲᠦᠮᠡᠨ ᠨᠢ ᠡᠷᠡᠰ ᠲᠠᠭᠠᠭᠰᠠᠨ ᠠᠵᠢᠯ ᠤᠨ ᠠᠭᠤᠷ ᠠᠮᠢᠰᠬᠤᠯ ᠪᠦᠷᠢᠯᠳᠦᠭᠰᠡᠨ ᠪᠠᠶᠢᠨ᠎ᠠ᠃ | ᠠᠵᠤ ᠦᠢᠯᠡᠰ ᠢ ᠬᠦᠭᠵᠢᠬᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ᠂ | ᠤᠯᠠᠨ ᠲᠦᠮᠡᠨ ᠢ ᠴᠢᠨᠡᠭᠡᠯᠢᠭᠵᠢᠬᠦᠯᠦᠨ ᠪᠠᠶᠠᠵᠢᠭᠤᠯᠬᠤ ᠶᠢᠨ ᠲᠤᠯᠭᠠᠭᠤᠷᠢᠯᠠᠯ ᠪᠦᠭᠡᠳ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠲᠣᠭᠲᠠᠭᠤᠨ ᠣᠷᠣᠯᠭ᠎ᠠ ᠶᠢ ᠪᠠᠲᠤᠯᠠᠬᠤ ᠴᠢᠬᠤᠯᠠ ᠠᠷᠭ᠎ᠠ ᠵᠠᠮ ᠮᠥᠨ᠃ ᠴᠢᠤᠸᠠᠨ | ᡁᠢ ᠭᠠᠩ ᠠᠵᠢᠯᠯᠠᠬᠤ ᠠᠩᠭᠢ ᠪᠠᠨ ᠲᠠᠭᠠᠭᠤᠯᠵᠤ᠂ ᠲᠣᠰᠬᠤᠨ ᠤ ︽ᠬᠤᠶᠠᠷ ᠵᠥᠪᠯᠡᠯ︾ ᠲᠠᠢ ᠲᠣᠰᠬᠤᠨ ᠤ ᠪᠠᠶᠢᠳᠠᠯ | ᠢ ᠵᠠᠳᠠᠯᠤᠨ ᠰᠤᠳᠤᠯᠬᠤ ᠪᠠ ᠠᠷᠠᠳ ᠤᠨ ᠰᠠᠨᠠᠭ᠎ᠠ ᠶᠢ ᠠᠰᠠᠭᠤᠵᠤ ᠤᠶᠢᠯᠠᠭᠠᠬᠤ ᠪᠠᠷ ᠲᠠᠮᠵᠢᠭᠠᠳ᠂ ᠨᠤᠭᠤᠭᠠᠨ | ᠲᠠᠷᠤᠰᠢ ᠶᠢᠨ ᠡᠷᠳᠡᠨᠢ ᠰᠢᠰᠢ ᠳᠠᠷᠢᠵᠤ ᠦᠬᠡᠷ ᠮᠠᠯ ᠢᠶᠠᠨ ᠬᠠᠰᠢᠶᠠᠯᠠᠨ ᠲᠡᠵᠢᠭᠡᠬᠦ᠂ ᠲᠥᠮᠥᠰᠥ ᠬᠠᠳᠠᠭᠠᠯᠠᠬᠤ ᠵᠣᠭᠤᠷᠢ | ᠪᠠᠶᠢᠭᠤᠯᠵᠤ ᠠᠰᠢᠭ ᠣᠷᠣᠯᠭ᠎ᠠ ᠶᠢ ᠨᠡᠮᠡᠭᠳᠡᠬᠦᠯᠦᠨ ᠠᠵᠢᠯ ᠣᠯᠭᠤᠯᠲᠠ ᠶᠢ ᠳᠠᠶᠢᠴᠢᠯᠠᠬᠤ ᠬᠥᠭᠵᠢᠯᠲᠡ ᠶᠢᠨ | ᠰᠡᠳᠬᠢᠴᠡ ᠶᠢ ᠲᠤᠭᠳᠠᠭᠠᠵᠤ᠂ ︽ᠲᠣᠰᠬᠤᠨ ᠤ ᠵᠥᠪᠯᠡᠯ + ᠲᠤᠰᠬᠠᠢ ᠬᠤᠷᠰᠢᠶᠠᠵᠢᠯ + ᠲᠠᠷᠢᠶᠠᠴᠢᠨ ᠡᠷᠦᠬᠡ︾ | ᠪᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠨ᠂ ᠠᠩᠬᠢᠰ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ | ᠬᠦᠭᠵᠢᠬᠦᠯᠪᠡ᠃ ᠣᠲᠣ ᠶᠦᠩ ᠱᠧᠩ ᠲᠤᠰᠬᠤᠨ ᠤ ᠬᠢᠨ 450 ᠠᠩᠬᠢᠰ ᠦᠬᠡᠷ ᠲᠠᠢ ᠪᠤᠯᠵᠤ᠂ ᠲᠣᠰᠬᠤᠨ ᠤ | ᠠᠷᠠᠳ ᠤᠨ ᠬᠥᠳᠡᠯᠮᠦᠷᠢ ᠶᠢᠨ ᠣᠷᠣᠯᠭ᠎ᠠ ᠲᠠᠰᠤᠷᠠᠯᠲᠠ ᠦᠭᠡᠢ ᠨᠡᠮᠡᠭᠳᠡᠨ᠂ ᠲᠣᠰᠬᠤᠨ ᠤ ᠠᠵᠤ ᠦᠢᠯᠡᠰ ᠤᠨ | ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ ᠪᠤᠢ᠃ | ︽ᠴᠢᠤᠸᠠᠨ ᠱᠦᠵᠢ ᠮᠠᠨ ᠤ ᠲᠣᠰᠬᠤᠨ ᠳᠤ ᠢᠷᠡᠭᠰᠡᠨ ᠠᠴᠠ ᠬᠤᠶᠢᠰᠢ ᠲᠣᠰᠬᠤᠨ ᠳᠤ ᠮᠠᠰᠢ ᠶᠡᠭᠡ ᠬᠤᠪᠢᠷᠠᠯᠲᠠ | ᠭᠠᠷᠴᠠᠢ᠃ 2021 ᠣᠨ ᠳᠤ ᠤᠯᠠᠨ ᠲᠠᠯ᠎ᠠ ᠶᠢᠨ ᠴᠢᠷᠮᠠᠶᠢᠯᠭ᠎ᠠ ᠪᠠᠷ ᠲᠠᠮᠵᠢᠭᠠᠳ ᠨᠢᠭᠡᠨ ᠣᠨᠴᠠᠭᠠᠢ ᠭᠡᠷ | ᠪᠦᠯᠢ ᠶᠢᠨ ᠰᠤᠷᠤᠭᠴᠢ ᠶᠢ ᠬᠠᠪᠰᠤᠷᠤᠨ ᠲᠡᠳᠬᠦᠵᠦ ᠰᠤᠷᠤᠯᠭ᠎ᠠ ᠶᠢ ᠨᠢ ᠠᠮᠵᠢᠯᠲᠠ ᠲᠠᠢ ᠲᠡᠬᠦᠰᠭᠡᠭᠰᠡᠨ᠃ 2022 | ᠣᠨ ᠳᠤ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠥᠭᠡᠷᠡᠴᠢᠯᠡᠯᠲᠡ ᠪᠠ 5G ᠴᠢᠮᠡᠭᠡ ᠬᠤᠯᠪᠤᠭᠠᠨ ᠤ | ᠲᠤᠬᠢᠶ᠎ᠠ ᠶᠢ ᠪᠦᠷᠬᠦᠬᠦᠯᠬᠦ ᠳᠦᠷᠦᠯ ᠵᠦᠢᠯ ᠢ ᠤᠯᠵᠤ ᠭᠡᠷᠡᠭᠵᠢᠬᠦᠯᠦᠭᠡᠳ᠂ ᠮᠠᠨ ᠤ ᠲᠣᠰᠬᠤᠨ ᠤ ᠰᠠᠭᠤᠷᠢ | ᠲᠥᠬᠦᠭᠡᠷᠦᠮᠵᠢ ᠶᠢ ᠤᠯᠠᠮ ᠲᠡᠭᠦᠯᠳᠡᠷᠵᠢᠭᠦᠯᠵᠦ᠂ ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠡᠢ︾ ᠭᠡᠵᠦ ᠶᠦᠩ ᠱᠧᠩ ᠲᠣᠰᠬᠤᠨ ᠤ ᠨᠠᠮ ᠤᠨ ᠡᠭᠦᠷ ᠤᠨ ᠱᠦᠵᠢ ᠯᠢ ᠶᠠᠩ ᠶᠠᠷᠢᠨ᠎ᠠ᠃ | ᠤᠶᠢᠷ᠎ᠠ ᠶᠢᠨ ᠬᠤᠶᠠᠷ ᠵᠢᠯ ᠳᠤ᠂ ᠶᠦᠩ ᠱᠧᠩ ᠲᠣᠰᠬᠤᠨ ᠤ ᠬᠢᠨ ᠤᠷᠢᠳ ᠬᠤᠵᠢᠳ 13 ᠲᠦᠮᠡ ᠭᠠᠷᠤᠢ | ᠲᠥᠭᠦᠷᠢᠭ ᠤᠨ ᠪᠡᠯᠡ ᠮᠥᠩᠭᠦ ᠣᠷᠣᠭᠤᠯᠵᠤ ᠨᠠᠮ ᠤᠨ ᠭᠡᠰᠢᠭᠦᠨ ᠤ ᠬᠦᠳᠡᠯᠪᠦᠷᠢ ᠶᠢᠨ ᠦᠷᠦᠭᠡ ᠶᠢ ᠵᠠᠰᠠᠨ | ᠴᠢᠮᠡᠭᠯᠡᠵᠦ᠂ ᠬᠠᠲᠠᠭᠤ ᠲᠤᠨᠤᠭ ᠢ ᠲᠦᠬᠦᠷᠵᠢᠬᠦᠯᠦᠭᠰᠡᠨ ᠪᠦᠭᠡᠳ ᠬᠦᠷᠢᠶ᠎ᠡ ᠬᠠᠰᠢᠶ᠎ᠠ ᠶᠢ ᠲᠡᠪᠢᠰᠴᠦ | ᠬᠠᠳᠠᠭᠤᠷᠠᠭᠤᠯᠬᠤ ᠪᠠ ᠭᠤᠸᠠᠵᠢᠭᠤᠯᠤᠨ ᠨᠣᠭᠤᠭᠠᠷᠠᠭᠤᠯᠬᠤ ᠵᠡᠷᠭᠡ ᠠᠵᠢᠯ ᠢ ᠬᠢᠵᠦ᠂ ᠲᠣᠰᠬᠤᠨ ᠤ ︽ᠬᠤᠶᠠᠷ | ᠵᠥᠪᠯᠡᠯ ︾ ᠤᠨ ᠠᠵᠢᠯᠯᠠᠵᠤ ᠠᠯᠪᠠᠯᠠᠬᠤ ᠣᠷᠴᠢᠨ ᠨᠦᠬᠦᠴᠡᠯ ᠢ ᠶᠡᠬᠡᠪᠡᠷ ᠰᠠᠶᠢᠵᠢᠷᠠᠭᠤᠯᠤᠭᠰᠠᠨ ᠪᠠᠶᠢᠨ᠎ᠠ᠃ ᠡᠬᠦᠨ | ᠤ ᠬᠠᠮᠳᠤ᠂ 1 ᠰᠠᠭᠤᠷᠢ ᠡᠷᠡᠭᠦᠯ ᠬᠠᠮᠠᠭᠠᠯᠠᠯ ᠤᠨ ᠲᠠᠰᠤᠭ ᠂ 2 ᠰᠠᠭᠤᠷᠢ ᠮᠠᠰᠢᠨ ᠬᠤᠳᠳᠤᠭ ᠤᠨ ᠭᠡᠷ ᠢ | ᠰᠢᠨ᠎ᠡ ᠪᠠᠷ ᠪᠠᠶᠢᠭᠤᠯᠵᠤ᠂ ᠬᠤᠭ ᠵᠦᠬᠡᠬᠡᠪᠦᠷᠢᠯᠡᠬᠦ ᠲᠡᠷᠭᠡ 4 ᠶᠢ ᠬᠤᠳᠠᠯᠳᠤᠨ ᠤᠷᠤᠭᠤᠯᠵᠤ ᠢᠵᠢ ᠪᠦᠷᠢᠳᠦᠬᠦᠯᠪᠡ᠃ | 2017 ᠣᠨ ᠠᠴᠠ 2022 ᠣᠨ ᠪᠣᠯᠲᠠᠯ᠎ᠠ᠂ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠢᠳᠡᠪᠬᠢᠲᠡᠢ | ᠳᠡᠮᠵᠢᠯᠭᠡ ᠳᠣᠣᠷ᠎ᠠ᠂ ᠤᠷᠢᠳ ᠬᠤᠵᠢᠳ 1900 ᠮᠦ ᠤᠰᠤᠯᠠᠯᠲᠠ ᠶᠢᠨ ᠲᠠᠷᠢᠶ᠎ᠠ ᠶᠢ ᠨᠡᠭᠡᠭᠡᠨ ᠬᠥᠭᠵᠢᠭᠦᠯᠵᠦ᠂ | ᠬᠥᠳᠡᠭᠡ ᠲᠤᠰᠬᠤᠨ ᠤ ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠡᠭᠦᠷᠭᠡ ᠶᠢ | ᠤᠷᠤᠭᠰᠢᠲᠠᠢ ᠪᠡᠶᠡᠯᠡᠬᠦᠯᠦᠭᠰᠡᠨ ᠪᠠᠶᠢᠨ᠎ᠠ᠃ | ︽ᠳᠠᠷᠠᠭᠠᠴᠢ ᠶᠢᠨ ᠠᠯᠬᠤᠮ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ᠂ ᠠᠷᠠᠳ ᠲᠦᠮᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠲᠦᠮᠡᠨ ᠤ | ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠤᠨ ᠠᠮᠢᠳᠤᠷᠠᠯ ᠳᠤ ᠬᠤᠯᠪᠣᠭᠳᠠᠬᠤ ᠠᠵᠢᠯ | ᠪᠦᠬᠦᠨ ᠢ ᠰᠢᠷᠭᠠᠭᠤ ᠬᠢᠴᠢᠶᠡᠩᠭᠦᠢ ᠪᠠᠷ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠴᠢᠳᠠᠯ ᠢᠶᠠᠨ ᠨᠡᠮᠡᠷᠢᠯᠡᠨ᠎ᠡ︾ ᠬᠡᠵᠦ |