ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ | ᠂ ᠠᠷᠠᠳ ᠤᠨ ᠲᠥᠯᠥᠭᠡ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ᠂ ᠠᠷᠠᠳ ᠤᠯᠠᠨ ᠤ ᠤᠯᠤᠯᠳᠠ | ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠦᠷᠬᠦᠯᠵᠢᠯᠡᠨ ᠲᠡᠭᠡᠭᠰᠢᠯᠡᠬᠦᠯᠬᠦ ᠶᠢᠨ ᠲᠦᠯᠦᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ | ᠬᠤᠰᠢᠭᠤᠨ ᠤ ᠬᠤᠷᠢᠶ᠎ᠠ ᠂ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︿ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠳᠦᠷᠦᠯ ᠵᠦᠢᠯ ᠢ ᠠᠷᠠᠳ ᠤᠨ ᠲᠥᠯᠥᠭᠡᠯᠡᠭᠴᠢᠳ ᠤᠨ ᠪᠢᠯᠧᠲ ᠪᠠᠷ | ᠲᠣᠭᠲᠠᠭᠠᠬᠤ ᠳᠦᠷᠢᠮ ᠢ ᠬᠡᠷᠡᠭᠵᠢᠭᠦᠯᠬᠦ ᠲᠦᠰᠦᠪ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ | ᠱᠠᠭᠠᠷᠳᠠᠯᠭ᠎ᠠ ᠶᠣᠰᠣᠭᠠᠷ᠂ ᠡᠳᠦᠭᠡ ᠨᠡᠶᠢᠭᠡᠮ ᠨᠡᠶᠢᠳᠡ ᠠᠴᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠳᠦᠷᠦᠯ ᠵᠦᠢᠯ ᠢ ᠢᠯᠡ ᠪᠠᠷ ᠡᠯᠰᠡᠵᠦ ᠪᠠᠶᠢᠨ᠎ᠠ᠃ ᠡᠯᠰᠡᠬᠦ ᠴᠠᠭ ᠨᠢ ᠲᠣᠰ ᠮᠡᠳᠡᠭᠳᠡᠯ ᠢ | ᠨᠡᠶᠢᠲᠡᠯᠡᠭᠰᠡᠨ ᠡᠳᠦᠷ ᠠᠴᠠ 11 ᠰᠠᠷ᠎ᠠ ᠶᠢᠨ 27 ᠤ ᠡᠳᠦᠷ ᠬᠦᠷᠳᠡᠯ᠎ᠡ᠃ | ᠪᠠᠴᠢᠮ ᠬᠡᠷᠡᠭᠴᠡᠭᠡ ᠲᠠᠢ ᠲᠦᠷᠦᠯ ᠵᠦᠢᠯ᠂ ᠪᠣᠯᠪᠠᠰᠤᠷᠠᠩᠭᠤᠢ ᠲᠦᠷᠦᠯ ᠵᠦᠢᠯ ᠢ ᠤᠷᠢᠳᠠᠪᠠᠷ ᠲᠤᠭᠳᠠᠭᠠᠬᠤ᠂ | ᠰᠠᠶᠢᠨ ᠤ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ ᠰᠡᠳᠬᠢᠴᠡ ᠶᠤᠰᠤᠭᠠᠷ᠂ ᠣᠯᠠᠨ ᠲᠦᠮᠡᠨ ᠤ ᠲᠤᠰᠬᠠᠯ | ᠴᠢᠩᠭ᠎ᠠ᠂ ᠪᠠᠴᠢᠮ ᠰᠢᠢᠳᠪᠦᠷᠢᠯᠡᠬᠦ ᠱᠠᠭᠠᠷᠳᠠᠯᠭ᠎ᠠ ᠲᠠᠢ ᠪᠠᠶᠢᠭ᠎ᠠ ᠵᠢᠴᠢ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠨᠡᠯᠢᠶᠡᠳ ᠶᠡᠭᠡ ᠨᠥᠯᠥᠭᠡ ᠲᠠᠢ ᠲᠦᠷᠦᠯ ᠵᠦᠢᠯ ᠢ ᠭᠤᠣᠯᠳᠠᠯᠭ᠎ᠠ ᠲᠠᠢ ᠰᠤᠩᠭᠤᠨ᠂ | ᠲᠤᠬᠠᠢ ᠶᠢᠨ ᠵᠢᠯ ᠳᠡᠭᠡᠨ ᠬᠡᠷᠡᠭᠵᠢᠭᠦᠯᠵᠦ᠂ ᠲᠤᠬᠠᠢ ᠶᠢᠨ ᠵᠢᠯ ᠳᠡᠭᠡᠨ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃ | ᠢᠯᠡ ᠪᠠᠷ ᠡᠯᠰᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠭᠤᠣᠯᠳᠠᠭᠤ ᠠᠵᠢᠯ | ᠣᠯᠭᠤᠯᠲᠠ ᠶᠢᠨ ᠪᠣᠯᠪᠠᠰᠤᠷᠠᠯ᠂ ᠰᠤᠷᠭᠠᠨ ᠬᠥᠮᠦᠵᠢᠯ ᠤᠨ ᠦᠢᠯᠡᠰ᠂ ᠡᠮ ᠡᠮᠨᠡᠯᠭᠡ ᠡᠷᠡᠭᠦᠯ ᠬᠠᠮᠠᠭᠠᠯᠠᠯ᠂ | ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠤ ᠵᠠᠰᠠᠯᠳᠠ᠂ ᠣᠷᠣᠨ ᠰᠠᠭᠤᠴᠠ ᠂ ᠵᠠᠮ ᠬᠠᠷᠢᠯᠴᠠᠭ᠎ᠠ ᠂ | ᠰᠣᠶᠣᠯ ᠤᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ ᠂ ᠡᠪᠡᠳᠴᠢᠨ ᠬᠢᠵᠢᠭ ᠤᠨ ᠰᠡᠷᠭᠡᠶᠢᠯᠡᠯᠳᠡ᠂ ᠬᠤᠳᠠ ᠶᠢᠨ | ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠰᠤ ᠤᠮᠳᠠ ᠂ ᠴᠠᠬᠢᠯᠭᠠᠨ ᠬᠦᠴᠦᠨ᠂ | ᠮᠥᠩᠭᠦᠨ ᠬᠦᠢᠯᠭᠡᠭᠡ᠂ ᠠᠵᠤ ᠦᠢᠯᠡᠰ ᠤᠨ ᠬᠥᠭᠵᠢᠯᠲᠡ ᠵᠡᠷᠭᠡ ᠬᠦᠷᠢᠶ᠎ᠡ ᠴᠠᠷᠠᠭ᠎ᠠ ᠶᠢ ᠪᠠᠭᠳᠠᠭᠠᠨ᠎ᠠ᠃ | ᠥᠷᠭᠡᠨ ᠣᠯᠠᠨ ᠠᠷᠠᠳ ᠢᠷᠭᠡᠳ ᠰᠦᠯᠵᠢᠶᠡᠨ ᠳᠤ ᠭᠠᠷᠬᠤ ᠪᠤᠶᠤ ᠺᠣᠳ᠋ ᠰᠢᠷᠪᠢᠬᠦ ᠠᠷᠭ᠎ᠠ ᠪᠠᠷ ᠠᠷᠠᠳ | ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ ᠢ ᠡᠯᠰᠡᠬᠦ ᠠᠵᠢᠯ ᠳᠤ ᠢᠳᠡᠪᠬᠢᠳᠡᠢ ᠤᠷᠤᠯᠴᠠᠵᠤ᠂ | ᠲᠠᠶᠢᠹᠤᠰᠧ ᠬᠤᠰᠢᠭᠤᠨ ᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠷᠭ᠎ᠠ ᠪᠤᠳᠤᠯᠭ᠎ᠠ ᠡᠷᠬᠦᠬᠦ ᠶᠢ | ᠬᠦᠰᠡᠵᠦ ᠪᠠᠶᠢᠨ᠎ᠠ ᠃ | ᠰᠦᠯᠵᠢᠶᠡᠨ ᠤ ᠬᠠᠶ᠋ᠢᠭ᠄ https://www.wjx.to p/vm/taBrBg7.aspx | | |