ᠤᠰᠤ ᠤᠮᠳᠠ ᠶᠢᠨ ᠠᠶᠤᠯᠬᠦᠢ ᠶᠢ ᠪᠠᠳᠤᠯᠠᠵᠤ  ᠠᠷᠠᠳ ᠤᠯᠠᠨ ᠳᠤ ᠪᠤᠶᠠᠨ ᠦᠢᠯᠡᠳᠦᠨ᠎ᠡ
ᠨᠡᠶᠢᠲᠡᠯᠡᠭᠰᠡᠨ ᠴᠠᠭ᠄
2022/11/8
   ᠤᠰᠤ ᠪᠣᠯ ᠠᠮᠢ ᠨᠠᠰᠤᠨ ᠤ ᠡᠬᠢ ᠪᠤᠯᠠᠭ᠂ ᠭᠡᠬᠦ ᠳᠡᠭᠡᠨ ᠠᠶᠤᠯᠭᠦᠢ ᠤᠰᠤ ᠤᠮᠳᠠ ᠪᠣᠯ ᠠᠷᠠᠳ ᠤᠨ ᠠᠮᠢᠳᠤᠷᠠᠯ ᠤᠨ ᠴᠢᠬᠤᠯᠠ ᠠᠰᠠᠭᠤᠳᠠᠯ ᠪᠠᠶᠢᠵᠤ᠂ ᠲᠦᠭ ᠲᠦᠮᠡᠨ ᠠᠶᠢᠯ ᠡᠷᠤᠭᠡ ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠤ ᠵᠢᠴᠢ ᠦᠢᠯᠡᠳᠪᠦᠷᠢᠯᠡᠯ ᠠᠮᠢᠳᠤᠷᠠᠯ ᠳᠤ ᠬᠤᠯᠪᠣᠭᠳᠠᠵᠤ ᠪᠠᠶᠢᠳᠠᠭ᠃ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠨᠢ ᠥᠷᠭᠡᠨ ᠤᠯᠠᠨ  ᠮᠠᠯᠴᠢᠨ ᠲᠠᠷᠢᠶᠠᠴᠢᠨ ᠤ ᠪᠡᠶ᠎ᠡ ᠮᠠᠬᠠᠪᠤᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠪᠠᠳᠤᠯᠠᠵᠤ᠂  ᠠᠷᠠᠳ  ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠶᠢᠷ᠎ᠠ ᠶᠢᠨ ᠵᠢᠯ  ᠳᠤ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠲᠠᠭᠠᠯᠳᠤᠭᠠᠳ᠂ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠬᠠᠪᠰᠤᠷᠤᠯ ᠳᠡᠮᠵᠢᠯᠭᠡ ᠲᠤᠤᠷ᠎ᠠ  ᠲᠠᠶᠢᠹᠤᠰᠧ ᠬᠤᠰᠢᠭᠤ ᠨᠢ  ᠨᠢᠬᠡ ᠪᠦᠯᠦᠭ ᠤᠰᠤ ᠴᠡᠪᠡᠷᠰᠢᠭᠦᠯᠬᠦ ᠲᠤᠨᠤᠭ ᠲᠥᠬᠦᠭᠡᠷᠦᠮᠵᠢ ᠶᠢ ᠤᠷᠤᠭᠤᠯᠤᠨ ᠬᠦᠳᠡᠭᠡ ᠲᠤᠰᠬᠤᠨ  ᠳᠤ ᠤᠭᠰᠠᠷᠠᠵᠤ᠂  ᠮᠠᠯᠴᠢᠨ ᠲᠠᠷᠢᠶᠠᠴᠢᠨ ᠤ ᠤᠰᠤ ᠤᠮᠳᠠ ᠶᠢᠨ ᠠᠮᠤᠷ ᠲᠦᠪᠰᠢᠨ ᠢ ᠪᠠᠳᠤᠯᠠᠨ᠂ ︽ ᠪᠤᠯᠠᠩᠬᠢᠷᠳᠤ ᠤᠰᠤ︾ ᠶᠢ ︽ᠴᠡᠪᠡᠷ ᠤᠰᠤ︾  ᠪᠤᠯᠭᠠᠭᠠᠳ᠂ ᠵᠠᠭᠤᠨ  ᠲᠦᠮᠡᠭᠡᠳ  ᠬᠦᠮᠦᠨ ᠠᠷᠠᠳ ᠲᠤ  ᠪᠤᠶᠠᠨ ᠦᠢᠯᠡᠳᠦᠭᠰᠡᠨ ᠪᠠᠶᠢᠨ᠎ᠠ᠃      2013 ᠣᠨ ᠳᠤ᠂ ᠪᠡᠭᠡᠵᠢᠩ ᠤᠨ ᠺᠧ ᠲᠠᠢ ᠰᠢᠩ ᠳ᠋ᠡ ᠳᠡᠭᠡᠳᠦ ᠰᠢᠨ᠎ᠡ ᠮᠡᠷᠭᠡᠵᠢᠯ ᠤᠨ ᠬᠢᠵᠠᠭᠠᠷᠲᠤ ᠺᠣᠮᠫᠠᠨᠢ  ᠶᠢᠨ ᠬᠢᠨ ᠲᠠᠶᠢᠹᠤᠰᠧ ᠬᠤᠰᠢᠭᠤᠨ ᠳᠤ ᠥᠪᠥᠷ ᠮᠣᠩᠭᠤᠯ ᠤᠨ ᠺᠧ ᠲᠠᠢ ᠯᠦᠩ ᠳ᠋ᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂   ᠲᠤᠰ ᠬᠤᠰᠢᠭᠤᠨ ᠤ ᠭᠠᠵᠠᠷ ᠳᠣᠣᠷᠠᠬᠢ ᠤᠰᠤᠨ ᠤ ᠴᠢᠨᠠᠷ ᠤᠨ ᠪᠠᠶᠢᠳᠠᠯ ᠳᠤ ᠴᠢᠭᠯᠡᠭᠦᠯᠦᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠᠷ ᠲᠠᠮᠵᠢᠭᠠᠳ᠂ ᠵᠦᠢᠯ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠤᠰᠤ ᠰᠢᠢᠳᠪᠦᠷᠢᠯᠡᠬᠦ ᠶᠠᠪᠤᠴᠠ ᠳᠠᠬᠢ ᠳᠣᠣᠷ᠎ᠠ ᠳᠤᠯᠠᠭᠠᠨ ᠪᠠ ᠤᠰᠤᠨ ᠤ ᠴᠢᠨᠠᠷ ᠨᠠᠷᠢᠨ ᠪᠤᠳᠤᠯᠢᠶᠠᠨᠲᠠᠢ ᠵᠡᠷᠭᠡ ᠬᠦᠴᠢᠷ ᠠᠰᠠᠭᠤᠳᠠᠯ ᠢ ᠠᠮᠵᠢᠯᠲᠠᠲᠠᠢ ᠰᠢᠢᠳᠪᠦᠷᠢᠯᠡᠨ᠂ ᠤᠰᠤᠨ ᠤ ᠤᠰᠤᠨ ᠤ ᠴᠢᠨᠠᠷ ᠢ ᠶᠡᠭᠡ ᠪᠠᠷ  ᠰᠠᠶᠢᠵᠢᠷᠠᠭᠤᠯᠵᠠᠢ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠺᠣᠮᠫᠠᠨᠢ ᠠᠴᠠ ᠭᠠᠵᠠᠷ ᠤᠷᠤᠨ ᠤ ᠪᠠᠶᠢᠳᠠᠯ   ᠳᠤᠨᠢ ᠲᠣᠬᠢᠷᠠᠭᠤᠯᠤᠨ ᠠᠷᠭ᠎ᠠ ᠬᠡᠮᠵᠢᠶ᠎ᠡ ᠠᠪᠴᠤ᠂ ᠬᠥᠮᠥᠨ ᠠᠮᠠ ᠨᠡᠯᠢᠶᠡᠳ ᠲᠥᠪᠯᠡᠷᠡᠭᠰᠡᠨ ᠭᠠᠴᠠᠭ᠎ᠠ ᠲᠣᠰᠬᠤᠨ ᠳᠤ ᠵᠢᠵᠢᠭ ᠬᠡᠯᠪᠡᠷᠢ ᠶᠢᠨ ᠲᠥᠪᠯᠡᠷᠡᠭᠦᠯᠦᠨ ᠴᠡᠪᠡᠷᠰᠢᠭᠦᠯᠬᠦ ᠥᠷᠳᠡᠭᠡ ᠪᠠᠶᠢᠭᠤᠯᠵᠤ᠂ ᠲᠠᠷᠠᠬᠠᠢ ᠪᠤᠲᠠᠷᠬᠠᠢ ᠰᠠᠭᠤᠷᠢᠰᠢᠭᠰᠠᠨ᠂ ᠲᠦᠭᠡᠭᠡᠯ  ᠤᠰᠤ ᠨᠡᠪᠳᠡᠷᠡᠬᠦ ᠳᠤ ᠬᠦᠴᠢᠷᠳᠡᠢ ᠭᠠᠴᠠᠭ᠎ᠠ ᠲᠤᠰᠬᠤᠨ ᠳᠤ ᠭᠡᠷ ᠲᠤ ᠭᠡᠷᠡᠭᠯᠡᠬᠦ  ᠪᠠᠭ᠎ᠠ ᠬᠡᠯᠪᠡᠷᠢ ᠶᠢᠨ ᠤᠰᠤ ᠴᠡᠪᠡᠷᠰᠢᠭᠦᠯᠬᠦ ᠲᠥᠬᠦᠭᠡᠷᠦᠮᠵᠢ ᠤᠭᠰᠠᠷᠠᠨ᠂  ᠤᠤᠭᠤᠬᠤ ᠤᠰᠤᠨ ᠤ ᠦᠨᠳᠦᠰᠦᠨ ᠠᠰᠠᠭᠤᠳᠠᠯ ᠢ ᠰᠢᠢᠳᠪᠦᠷᠢᠯᠡᠪᠡ᠃  ᠣᠳᠣᠬᠠᠨ ᠳᠤ᠂ ᠪᠡᠭᠡᠵᠢᠩ ᠬᠤᠲᠠ ᠶᠢᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠠᠵᠢᠯ ᠤᠨ ᠠᠯᠪᠠᠨ ᠭᠡᠷ ᠪᠣᠯᠣᠨ ᠴᠠᠩᠫᠢᠩ ᠲᠣᠭᠤᠷᠢᠭ ᠤᠨ  ᠬᠦᠴᠦᠳᠡᠢ ᠳᠡᠮᠵᠢᠯᠭᠡ ᠳᠣᠣᠷ᠎ᠠ᠂ ᠲᠠᠶᠢᠹᠤᠰᠧ ᠬᠤᠰᠢᠭᠤᠨ ᠤ ᠬᠢᠨ ᠭᠠᠴᠠᠭ᠎ᠠ ᠲᠣᠰᠬᠤᠨ  ᠱᠠᠳᠤᠨ ᠤ ᠤᠰᠤ ᠴᠡᠪᠡᠷᠰᠢᠭᠦᠯᠬᠦ ᠥᠷᠲᠡᠭᠡ 5 ᠶᠢ ᠪᠠᠶᠢᠭᠤᠯᠤᠨ ᠠᠰᠢᠭᠯᠠᠵᠤ᠂ ᠪᠤᠶᠢᠳᠠ ᠪᠥᠭᠯᠡᠭᠦᠦ  ᠭᠠᠵᠠᠷ ᠤᠷᠤᠨ ᠤ ᠠᠶᠢᠯ ᠡᠷᠦᠬᠡ   ᠳᠤ 3200 ᠭᠠᠷᠤᠢ ᠢᠵᠢ ᠤᠰᠤ ᠴᠡᠪᠡᠷᠰᠢᠭᠦᠯᠬᠦ ᠲᠥᠬᠦᠭᠡᠷᠦᠮᠵᠢ ᠤᠭᠰᠠᠷᠠᠭᠠᠳ ᠪᠠᠶᠢᠨ᠎ᠠ᠃ ᠥᠪᠥᠷ ᠮᠣᠩᠭᠤᠯ ᠤᠨ ᠺᠧ ᠲᠠᠢ ᠯᠦᠩ ᠳ᠋ᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠠᠰᠢᠭᠯᠠᠯᠲᠠ ᠳᠤ ᠣᠷᠣᠭᠰᠠᠨ ᠠᠴᠠ ᠨᠠᠰᠢ ᠨᠡᠶᠢᠲᠡ 1.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 10 ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ᠂ ᠵᠢᠯ ᠳᠤ 10 ᠲᠦᠮᠡᠨ ᠬᠠᠪᠳᠠᠭᠠᠢ ᠳᠥᠷᠪᠡᠯᠵᠢᠨ ᠮᠧᠲᠷ ᠤᠨ ᠱᠦᠭᠦᠯᠲᠡ ᠶᠢᠨ ᠪᠦᠷᠬᠦᠪᠴᠢ ᠶᠢ ᠦᠢᠯᠡᠳᠪᠦᠷᠢᠯᠡᠬᠦ᠂ 3000 ᠰᠠᠤᠷᠢ ᠤᠰᠤ ᠴᠡᠪᠡᠷᠰᠢᠭᠦᠯᠬᠦ ᠲᠥᠬᠦᠭᠡᠷᠦᠮᠵᠢ ᠶᠢ ᠢᠵᠢ ᠪᠦᠷᠢᠨ ᠦᠢᠯᠡᠳᠪᠦᠷᠢᠯᠡᠬᠦ ᠦᠢᠯᠡᠳᠪᠦᠷᠢᠯᠡᠯ ᠤᠨ ᠴᠢᠳᠠᠮᠵᠢ ᠲᠠᠢ ᠪᠤᠯᠵᠤ᠂  2021 ᠣᠨ ᠤ ᠡᠴᠦᠰ ᠪᠣᠯᠲᠠᠯ᠎ᠠ  ᠨᠡᠶᠢᠲᠡ 5.28 ᠳ᠋ᠦᠩᠰᠢᠭᠤᠷ ᠲᠥᠭᠦᠷᠢᠭ ᠤᠨ ᠪᠤᠷᠤᠯᠠᠭᠤᠯᠭ᠎ᠠ ᠶᠢᠨ ᠤᠷᠤᠯᠭ᠎ᠠ ᠪᠡᠶᠡᠯᠡᠭᠦᠯᠵᠦ᠂ 7621 ᠲᠦᠮᠡᠨ ᠲᠥᠭᠦᠷᠢᠭ ᠤᠨ ᠭᠠᠶᠢᠯᠢ ᠲᠤᠰᠢᠶᠠᠨ᠂  ᠲᠠᠶᠢᠹᠤᠰᠧ ᠬᠤᠰᠢᠭᠤᠨ ᠤ 100 ᠭᠠᠷᠤᠢ ᠬᠥᠮᠥᠨ ᠳᠤ ᠠᠵᠢᠯ ᠤᠯᠭᠤᠵᠠᠢ᠃  ᠡᠶᠢᠨ ᠬᠦ᠋᠂ ᠤᠰᠤ ᠴᠡᠪᠡᠷᠰᠢᠭᠦᠯᠬᠦ ᠠᠵᠤ ᠦᠢᠯᠡᠰ ᠤᠨ ᠲᠠᠶᠢᠹᠤᠰᠧ ᠬᠤᠰᠢᠭᠤᠨ ᠳᠤ ᠨᠤᠳᠤᠭᠰᠢᠭᠰᠠᠨ ᠨᠢ ᠲᠤᠬᠠᠢ ᠶᠢᠨ ᠭᠠᠵᠠᠷ ᠤᠨ ᠠᠷᠠᠳ ᠢᠷᠭᠡᠳ ᠤᠨ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠲᠤᠬᠠᠢ ᠶᠢᠨ ᠭᠠᠵᠠᠷ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠵᠤ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠤᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠠᠵᠤ ᠦᠢᠯᠡᠰ ᠢ ᠬᠥᠭᠵᠢᠭᠦᠯᠬᠦ ᠶᠢ ᠵᠡᠷᠭᠡᠪᠡᠷ ᠠᠬᠢᠭᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号