ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ ᠤᠨ ᠵᠠᠷᠯᠠᠯ ︵111 ᠲᠣᠭᠠᠲᠤ︶
ᠨᠡᠶᠢᠲᠡᠯᠡᠭᠰᠡᠨ ᠴᠠᠭ᠄
2022/11/8
 11 ᠰᠠᠷ᠎ᠠ ᠶᠢᠨ 8 ᠤ ᠡᠳᠦᠷ᠂ ᠰᠢᠯᠢᠩᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠨᠢ ᠠᠷᠭ᠎ᠠ ᠴᠢᠨᠠᠷ ᠲᠠᠢ ᠡᠪᠡᠳᠴᠢᠳᠡᠨ ᠰᠢᠩ ᠣᠪᠣᠭᠲᠤ ᠶᠢᠨ ᠲᠠᠶᠢᠹᠤᠰᠧ ᠬᠤᠰᠢᠭᠤᠨ ᠳᠤ ᠢᠷᠡᠵᠦ ᠦᠩᠭᠡᠷᠡᠭᠰᠡᠨ ᠮᠡᠳᠡᠭᠡ ᠵᠠᠩᠭᠢ ᠶᠢ ᠨᠠᠰᠢ ᠨᠢ ᠲᠠᠮᠵᠢᠭᠤᠯᠵᠠᠢ᠂ ᠣᠲᠣ  ᠲᠤᠰ ᠬᠦᠮᠦᠨ ᠤ ᠮᠠᠨ ᠤ ᠬᠤᠰᠢᠭᠤᠨ ᠳᠤ ᠶᠠᠪᠤᠵᠤ ᠰᠠᠭᠤᠭᠰᠠᠨ ᠵᠠᠮ ᠮᠥᠷ  ᠤᠨ ᠪᠠᠶᠢᠳᠠᠯ ᠢ ᠮᠡᠳᠡᠭᠳᠡᠶ᠎ᠡ᠄11 ᠰᠠᠷ᠎ᠠ   ᠶᠢᠨ 7 ᠤ ᠡᠳᠦᠷ ᠤᠨ 17᠄ 16 ᠴᠠᠭ ᠲᠤ  ︽207︾ ᠤᠯᠤᠰ ᠤᠨ ᠵᠠᠮ ᠤᠨ ᠰᠠᠨ ᠬᠤᠤ ᠳ᠋ᠢ ᠪᠠᠶᠢᠴᠠᠭᠠᠬᠤ ᠥᠷᠲᠡᠭᠡᠨ ᠳᠤ ᠪᠦᠬᠡᠮ ᠬᠦᠴᠢᠯ ᠤᠨ ᠪᠠᠶᠢᠴᠠᠭᠠᠯᠳᠠ ᠬᠢᠯᠭᠡᠪᠡ᠃᡽17᠄ 50 ᠴᠠᠭ ᠲᠤ  ᠪᠤᠤᠴᠠᠩ ᠪᠠᠯᠭᠠᠰᠤᠨ ᠤ ᠳ᠋ᠢ ᠹᠠᠩ ᠽᠢ ᠲᠣᠰᠬᠤᠨ ᠤ ︽ᠵᠢᠢ ᠳ᠋ᠦᠩ︾  ᠮᠠᠰᠢᠨ ᠲᠡᠷᠭᠡ ᠰᠡᠯᠪᠢᠨ ᠵᠠᠰᠠᠬᠤ ᠭᠠᠵᠠᠷ ᠲᠤ ᠬᠦᠷᠴᠦ ᠲᠡᠷᠭᠡ ᠪᠠᠨ ᠵᠠᠰᠠᠭᠤᠯᠤᠭᠠᠳ᠂ ᠪᠠᠷᠤᠭ 18᠄ 50 ᠴᠠᠭ ᠤᠨ ᠣᠷᠴᠢᠮ ᠢᠶᠠᠷ ᠭᠠᠷᠴᠤ ᠶᠠᠪᠤᠵᠠᠢ᠃  20:17 ᠴᠠᠭ ᠲᠤ  ᠶᠦᠩ ᠹᠧᠩ ᠪᠠᠯᠭᠠᠰᠤᠨ ᠤ ᠾᠧᠦ ᠹᠠᠩ ᠽᠢ ᠲᠣᠰᠬᠤᠨ ᠤ ︽ᠴᠠᠩ ᠵᠢᠶᠠ ᠳ᠋ᠠ ᠶᠤᠸᠠᠨ︾ ᠬᠤᠭᠤᠯᠠᠨ ᠭᠡᠷ ᠲᠤ ᠬᠤᠭᠤᠯᠠ ᠢᠳᠡᠭᠡᠳ᠂ 21:06  ᠴᠠᠭ ᠲᠤ ᠭᠠᠷᠴᠤ ᠶᠠᠪᠤᠭᠰᠠᠨ ᠪᠠᠶᠢᠨ᠎ᠠ᠃    ᠲᠡᠭᠡᠷᠡᠬᠢ ᠴᠠᠭ ᠬᠤᠭᠤᠴᠠᠭᠠᠨ ᠳᠤ ᠰᠢᠩ ᠤᠪᠤᠭᠳᠤ ᠯᠤᠭ᠎ᠠ ᠵᠠᠮ ᠮᠥᠷ ᠳᠠᠪᠬᠤᠴᠠᠭᠰᠠᠨ ᠬᠦᠮᠦᠰ  ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠲᠤ ᠲᠠᠷᠤᠶᠢᠬᠠᠨ ᠮᠡᠳᠡᠭᠦᠯᠵᠦ ᠪᠠᠶᠢᠴᠠᠭᠠᠯᠭᠠᠬᠤ ᠶᠢᠨ ᠬᠠᠮᠳᠤ  ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠬᠠᠮᠵᠢᠯᠴᠠᠬᠤ ᠭᠡᠷᠡᠭᠳᠡᠢ᠃     ᠥᠷᠭᠡᠨ ᠣᠯᠠᠨ ᠰᠠᠭᠤᠭᠠᠯᠢ ᠠᠷᠠᠳ ᠠᠯᠪᠠᠨ ᠤ ᠲᠠᠯ᠎ᠠ   ᠶᠢᠨ ᠡᠷᠬᠡ ᠰᠦᠷᠲᠦ ᠨᠡᠶᠢᠲᠡᠯᠡᠯ ᠢ ᠠᠩᠬᠠᠷᠴᠤ᠂  ᠰᠡᠷᠭᠡᠶᠢᠯᠡᠯᠳᠡ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠴᠤᠤᠷᠬᠠᠯ   ᠢ ᠢᠲᠡᠭᠡᠬᠦ ᠦᠭᠡᠢ᠂ ᠴᠤᠤᠷᠬᠠᠯ   ᠢ ᠲᠠᠷᠬᠠᠭᠠᠬᠤ ᠦᠭᠡᠢ ᠪᠦᠭᠡᠳ ᠠᠮᠠᠪᠴᠢ ᠵᠡᠭᠦᠬᠦ᠂ ᠭᠠᠷ ᠢᠶᠠᠨ ᠤᠬᠢᠶᠠᠬᠤ᠂  ᠰᠠᠯᠬᠢ  ᠨᠡᠪᠳᠡᠷᠡᠬᠦᠯᠬᠦ᠂ ᠠᠶᠤᠯᠬᠦᠢ ᠵᠠᠢ ᠠᠪᠬᠤ   ᠶᠢ ᠪᠠᠷᠢᠮᠳᠠᠯᠠᠨ᠂ ᠪᠦᠬᠡᠮᠨᠡᠷᠡᠵᠦ ᠴᠤᠭᠯᠠᠷᠠᠬᠤ ᠶᠢ ᠴᠡᠭᠡᠷᠯᠡᠵᠦ᠂ ᠰᠡᠷᠭᠡᠶᠢᠯᠡᠨ ᠡᠵᠡᠮᠳᠡᠬᠦ  ᠠᠷᠭ᠎ᠠ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪ ᠦᠭᠡᠢ ᠪᠠᠶᠢᠳᠠᠯ ᠢᠯᠡᠷᠡᠪᠡᠯ᠂ ᠲᠠᠷᠤᠶᠢᠬᠠᠨ ᠡᠮᠨᠡᠯᠭᠡ ᠳᠤ ᠬᠡᠷᠡᠭᠯᠡᠬᠦ ᠠᠮᠠᠪᠴᠢ ᠵᠡᠭᠦᠵᠦ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠬᠦᠯᠬᠦ ᠭᠡᠷᠡᠭᠳᠡᠢ᠂ ᠡᠨᠡ ᠬᠤᠭᠤᠴᠠᠭᠠᠨ ᠳᠤ ᠨᠡᠶᠢᠲᠡ ᠶᠢᠨ ᠮᠠᠰᠢᠨ ᠳᠤ ᠰᠠᠭᠤᠬᠤ ᠠᠴᠠ ᠵᠠᠶᠢᠯᠠᠰᠬᠢᠨ᠎ᠡ᠃      ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 0479 ︱ 5238137                                                                      ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ                         2022 ᠣᠨ ᠤ 11 ᠰᠠᠷ᠎ᠠ ᠶᠢᠨ 8 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号