11 ᠰᠠᠷ᠎ᠠ ᠶᠢᠨ 8 ᠤ ᠡᠳᠦᠷ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠢ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ | ᠱᠦᠵᠢ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠣᠣ ᠹᠧᠢ | ᠫᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ | ᠬᠢᠨ ᠡᠷᠬᠡᠪᠰᠢ ᠦᠵᠡᠯ ᠤᠬᠠᠮᠰᠠᠷ ᠪᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠨ᠂ | ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠱᠠᠲᠤ ᠱᠠᠲᠤ ᠪᠠᠷ | ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠪᠣᠶ ᠪᠤᠯᠭᠠᠨ᠂ ᠡᠯ᠎ᠡ | ᠲᠥᠷᠥᠯ ᠤᠨ ᠱᠠᠭᠠᠷᠳᠠᠨ ᠪᠠᠶᠢᠴᠠᠭᠠᠬᠤ᠂ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠪᠥᠬᠦ ᠬᠦᠴᠦᠨ ᠢᠶᠠᠷ ᠰᠠᠶᠢᠨ | ᠬᠢᠬᠦ ᠬᠡᠷᠡᠭᠲᠡᠢ᠃ ᠡᠭᠦᠨ ᠤ ᠬᠠᠮᠳᠤ᠂ ᠬᠢᠵᠢᠭ ᠰᠡᠷᠭᠡᠶᠢᠯᠡᠯᠳᠡ ᠶᠢᠨ ᠬᠥᠪᠴᠢ ᠶᠢ ᠡᠷᠡᠰ ᠴᠢᠩᠭᠠᠯᠠᠨ᠂ ᠰᠡᠷᠭᠡᠶᠢᠯᠡᠨ | ᠡᠵᠡᠮᠳᠡᠬᠦ ᠠᠵᠢᠯ ᠢ ᠣᠳᠣᠬᠠᠨ ᠤ ᠬᠠᠮᠤᠭ ᠠᠴᠠ ᠴᠢᠬᠤᠯᠠ ᠡᠬᠦᠷᠭᠡ ᠪᠣᠯᠭᠠᠨ ᠬᠦᠴᠦᠲᠡᠢ ᠠᠳᠬᠤᠵᠤ᠂ ᠵᠠᠮ ᠤᠨ | ᠪᠤᠭᠤᠮᠳᠠ ᠶᠢ ᠴᠢᠩᠭ᠎ᠠ ᠰᠠᠬᠢᠨ᠂ ᠰᠡᠷᠭᠡᠶᠢᠯᠡᠯᠳᠡ ᠶᠢᠨ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠬᠡᠵᠦ | ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ | ᠬᠤᠩ᠂ ᠳᠡᠳ᠋ ᠬᠤᠰᠢᠭᠤ ᠳᠠᠷᠤᠭ᠎ᠠ ᠯᠢ ᠵᠠᠨ ᠪᠦᠦ ᠠᠴᠠ ᠲᠤᠰᠪᠤᠷᠢ ᠬᠠᠮᠢᠶ᠎ᠠ ᠪᠦᠬᠦᠢ ᠠᠵᠢᠯ ᠤᠨ ᠲᠤᠬᠠᠢ | ᠪᠠᠶᠢᠷᠢᠯᠠᠭᠤᠯᠤᠯᠳᠠ ᠬᠢᠵᠡᠢ᠃ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ | ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ |