11 ᠰᠠᠷ᠎ᠠ ᠶᠢᠨ 7 ᠤ ᠡᠳᠦᠷ᠂ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠶᠢᠨ ᠬᠢᠨ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ ᠳᠤ ᠭᠦᠨᠵᠡᠭᠡᠶᠢᠷᠡᠵᠦ᠂ ︽ᠭᠠᠯ | ᠰᠡᠷᠭᠡᠶᠢᠯᠡᠬᠦ ᠠᠵᠢᠯ ᠢ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ︾ ᠭᠤᠣᠯ ᠰᠡᠳᠦᠪ ᠤᠨ | ᠲᠣᠭᠤᠷᠢᠨ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠲᠠᠳ ᠠᠴᠠ ᠲᠣᠰᠬᠤᠨ ᠤ | ᠠᠷᠠᠳ ᠲᠤ ᠭᠡᠷ ᠪᠦᠯᠢ ᠶᠢᠨ ᠭᠠᠯ ᠤᠨᠲᠠᠷᠠᠭᠠᠬᠤ ᠶᠡᠷᠦ ᠶᠢᠨ ᠮᠡᠳᠡᠯᠭᠡ᠂ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ᠂ | ᠨᠡᠭᠦᠷᠡᠰᠦᠨ ᠬᠡᠢ ᠶᠢᠨ ᠰᠠᠪᠠ ᠳᠤ ᠭᠠᠯ ᠭᠠᠷᠪᠠᠯ ᠬᠡᠷᠬᠢᠨ ᠤᠨᠲᠠᠷᠠᠭᠠᠬᠤ ᠵᠡᠷᠭᠡ ᠦᠨᠳᠦᠰᠦᠨ ᠮᠡᠳᠡᠯᠭᠡ ᠶᠢ | ᠲᠠᠶᠢᠯᠪᠤᠷᠢᠯᠠᠵᠤ᠂ ᠡᠯ᠎ᠡ ᠵᠦᠢᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠠᠨᠢᠯᠴᠠᠭᠤᠯᠤᠨ᠂ ᠲᠡᠬᠦᠨ ᠤ | ᠦᠢᠯᠡᠳᠦᠯ ᠴᠢᠳᠠᠮᠵᠢ ᠪᠠ ᠬᠡᠷᠡᠭᠯᠡᠬᠦ ᠠᠷᠭ᠎ᠠ ᠶᠢ ᠤᠶᠢᠯᠠᠭᠠᠭᠤᠯᠤᠭᠰᠠᠨ ᠤ ᠬᠠᠮᠳᠤ ᠂ ᠡᠳᠦᠷ ᠲᠤᠳᠤᠮ ᠤᠨ ᠠᠮᠢᠳᠤᠷᠠᠯ | ᠳᠤᠮᠳᠠ ᠪᠠᠨ ᠭᠠᠯ ᠤᠨ ᠠᠶᠤᠯ ᠢ ᠡᠷᠭᠡᠪᠰᠢ ᠠᠩᠬᠠᠷᠬᠤ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃ ᠠᠵᠢᠯᠳᠠᠳ | ᠪᠠᠰᠠ ᠠᠶᠢᠯ ᠡᠷᠦᠬᠡ ᠪᠠᠷ ᠬᠦᠨᠵᠡᠬᠡᠶᠢᠷᠡᠵᠦ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ᠂ ᠵᠤᠤᠬᠠᠨ ᠤ | ᠣᠶᠢᠷ᠎ᠠ ᠬᠠᠪᠢ ᠳᠤ ᠰᠢᠲᠠᠮᠠᠬᠠᠢ ᠪᠣᠳᠠᠰ ᠲᠠᠯᠪᠢᠵᠤ ᠪᠣᠯᠬᠤ ᠦᠭᠡᠢ᠂ ᠴᠠᠬᠢᠯᠭᠠᠨ ᠤᠲᠠᠰᠤ ᠶᠢ ᠲᠤᠷ᠎ᠠ ᠲᠠᠪᠠ ᠪᠠᠷ | ᠢᠶᠠᠨ ᠵᠠᠯᠭᠠᠵᠤ ᠲᠠᠳᠠᠵᠤ ᠪᠤᠯᠬᠤ ᠦᠬᠡᠢ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠲᠣᠰᠣ ᠬᠡᠷᠡᠭᠯᠡᠬᠦ᠂ ᠬᠡᠢ ᠬᠡᠷᠡᠭᠯᠡᠬᠦ | ᠳᠡᠭᠡᠨ ᠠᠮᠤᠷ ᠲᠦᠪᠰᠢᠨ ᠢ ᠤᠨᠴᠠᠭᠠᠶᠢᠯᠠᠨ ᠠᠩᠬᠠᠷᠬᠤ ᠭᠡᠷᠡᠭᠳᠡᠢ ᠭᠡᠵᠦ ᠲᠣᠰᠬᠤᠨ ᠤ ᠠᠷᠠᠳ ᠲᠤ ᠲᠠᠬᠢᠨ ᠲᠠᠪᠳᠠᠨ | ᠵᠠᠬᠢᠵᠤ ᠰᠠᠨᠠᠭᠤᠯᠪᠠ᠃ | ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠵᠢᠯᠳᠠᠨ ᠯᠢ ᠸᠧᠢ᠄ ︽ᠡᠶᠢᠮᠦᠷᠬᠦ ᠤᠬᠠᠭᠤᠯᠭ᠎ᠠ | ᠶᠢ ᠭᠡᠷ ᠲᠤᠨᠢ ᠬᠦᠷᠭᠡᠬᠦ ᠠᠷᠭ᠎ᠠ ᠪᠠᠷ ᠲᠠᠮᠵᠢᠭᠠᠳ ᠪᠢᠳᠡ ᠬᠥᠳᠡᠭᠡ ᠲᠣᠰᠬᠤᠨ ᠤ ᠭᠠᠯ ᠰᠡᠷᠭᠡᠶᠢᠯᠡᠬᠦ | ᠬᠠᠮᠢᠶᠠᠷᠤᠯᠲᠠ ᠶᠢᠨ ᠬᠢᠷᠢ ᠲᠦᠪᠰᠢᠨ ᠪᠠ ᠲᠣᠰᠬᠤᠨ ᠤ ᠠᠷᠠᠳ ᠤᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠴᠤᠭᠴᠠᠯᠠᠯᠳᠠ ᠬᠥᠭᠵᠢᠯᠲᠡ ᠶᠢ ᠠᠬᠢᠭᠤᠯᠬᠤ ᠳᠤ ᠠᠮᠤᠷ ᠲᠦᠪᠰᠢᠨ | ᠣᠷᠴᠢᠨ ᠨᠥᠬᠦᠴᠡᠯ ᠢ ᠪᠣᠶ ᠪᠣᠯᠭᠠᠬᠤ ᠪᠠᠷ ᠴᠢᠷᠮᠠᠶᠢᠵᠤ ᠪᠠᠶᠢᠨ᠎ᠠ︾᠃ | ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠶᠢᠨ ᠬᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠳᠡᠭᠡ ᠲᠣᠰᠬᠤᠨ ᠤ | ᠠᠶᠢᠯ ᠡᠷᠦᠬᠡ ᠳᠤ ᠭᠠᠯ ᠰᠡᠷᠭᠡᠶᠢᠯᠡᠬᠦ ᠠᠷᠭ᠎ᠠ ᠲᠤᠷᠰᠢᠯᠭ᠎ᠠ ᠶᠢ ᠡᠵᠡᠮᠰᠢᠬᠦᠯᠦᠨ᠂ ᠡᠯ᠎ᠡ ᠲᠥᠷᠥᠯ ᠤᠨ ᠭᠠᠯ ᠤᠨ | ᠠᠶᠤᠯ ᠤᠨ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ︽ᠬᠥᠮᠥᠨ ᠪᠦᠬᠦᠨ ᠭᠠᠯ ᠰᠡᠷᠭᠡᠶᠢᠯᠡᠬᠦ ᠶᠢ | ᠠᠩᠬᠠᠷᠴᠤ ᠬᠦᠮᠦᠨ ᠪᠦᠬᠦᠨ ᠭᠠᠯ ᠰᠡᠷᠭᠡᠶᠢᠯᠡᠬᠦ ᠳᠤ ᠣᠷᠤᠯᠴᠠᠬᠤ︾ ᠠᠭᠤᠷ ᠠᠮᠢᠰᠬᠤᠯ ᠢ ᠪᠣᠶ ᠪᠤᠯᠭᠠᠬᠤ ᠪᠠᠷ | ᠪᠠᠶᠢᠨ᠎ᠠ᠃ |