ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2022/11/9
    ᠣᠶᠢᠷ᠎ᠠ ᠶᠢᠨ ᠡᠳᠦᠷ ᠤᠳ ᠲᠤ᠂  ᠲᠠᠶᠢᠹᠤᠰᠧ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ ᠬᠤᠷᠠᠯ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠤᠷᠠᠯ᠂ ︽ᠭᠤᠷᠪᠠᠨ ᠬᠤᠷᠠᠯ ᠨᠢᠭᠡ ᠬᠢᠴᠢᠶᠡᠯ︾᠂ ᠲᠤᠰᠬᠠᠢ ᠰᠡᠳᠦᠪᠲᠦ ᠪᠣᠯᠪᠠᠰᠤᠷᠠᠯ ᠵᠡᠷᠭᠡ ᠣᠯᠠᠨ ᠵᠦᠢᠯ ᠤᠨ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ᠂  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠤᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ ᠪᠠᠶᠢᠨ᠎ᠠ᠃ ᠲᠤᠰ ᠬᠤᠰᠢᠭᠤᠨ ᠤ ᠰᠢᠩ ᠹᠦ᠋ ᠰᠢᠶᠠᠩ ᠨᠢ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠬᠤ᠂ ᠨᠠᠮ ᠤᠨ ᠭᠡᠰᠢᠭᠦᠨ ᠺᠠᠳ᠋ᠷ ᠪᠡᠶ᠎ᠡ ᠪᠠᠨ ᠳᠠᠭᠠᠭᠠᠨ ᠰᠤᠷᠤᠯᠴᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠬᠠᠷᠠᠯᠲᠠ ᠡᠬᠦᠷᠭᠡ᠂ ᠰᠢᠨ᠎ᠡ ᠠᠷᠭ᠎ᠠ ᠪᠤᠳᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠂ ᠤᠭ ᠵᠣᠬᠢᠶᠠᠯ ᠢ ᠰᠤᠷᠤᠯᠴᠠᠵᠤ᠂  ᠤᠯᠤᠯᠳᠠ ᠲᠥᠷᠥᠭᠳᠡᠯ ᠢᠶᠠᠨ ᠬᠤᠪᠢᠶᠠᠯᠴᠠᠨ᠂  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂  ᠠᠮᠤᠷ ᠠᠮᠤᠭᠤᠯᠠᠩ ᠡᠶ᠎ᠡ ᠵᠣᠬᠢᠴᠠᠩᠭᠤᠢ ᠰᠢᠩ ᠹᠦ᠋ ᠰᠢᠶᠠᠩ ᠤᠨ  ᠪᠦᠳᠦᠬᠡᠨ ᠪᠠᠶᠢᠭᠤᠯᠤᠯᠳᠠ ᠶᠢ ᠠᠬᠢᠭᠤᠯᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠦ ᠬᠦᠴᠦᠨ ᠬᠠᠩᠭᠠᠵᠤ᠂ ᠪᠠᠲᠤ ᠪᠠᠬᠢ ᠤᠨᠤᠯ ᠤᠨ ᠰᠠᠭᠤᠷᠢ ᠶᠢ ᠲᠠᠯᠪᠢᠵᠠᠢ᠃ ᠶᠦᠩ ᠹᠧᠩ  ᠪᠠᠯᠭᠠᠰᠤᠨ  ᠤ ᠬᠢᠨ ᠰᠦᠯᠵᠢᠶᠡᠨ ᠳᠡᠭᠡᠷ᠎ᠡ ᠰᠤᠷᠤᠯᠴᠠᠬᠤ ᠪᠠ ᠰᠦᠯᠵᠢᠶᠡᠨ ᠭᠠᠳᠠᠨ᠎ᠠ ᠰᠤᠷᠤᠯᠴᠠᠬᠤ ᠶᠢ ᠤᠶᠠᠯᠳᠤᠭᠤᠯᠵᠤ᠂ ᠲᠤᠰᠬᠠᠢ  ᠰᠡᠳᠦᠪᠳᠦ  ᠬᠢᠴᠢᠶᠡᠯ ᠤᠷᠤᠬᠤ᠂  ᠰᠤᠷᠤᠯᠴᠠᠯᠭ᠎ᠠ ᠶᠠᠷᠢᠯᠴᠠᠯᠭ᠎ᠠ ᠡᠷᠬᠢᠯᠡᠬᠦ ᠵᠡᠷᠭᠡ ᠠᠷᠭ᠎ᠠ ᠭᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠶᠢ ᠢᠳᠡᠪᠬᠢᠲᠡᠢ ᠦᠷᠨᠢᠬᠦᠯᠦᠨ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠬᠥᠳᠡᠯᠭᠡᠭᠦ ᠬᠦᠴᠦᠨ ᠪᠣᠯᠭᠠᠵᠤ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠠᠪᠤᠳᠠᠯ ᠪᠦᠬᠦᠨ ᠳᠤ ᠤᠯᠠᠨ ᠲᠦᠮᠡᠨ ᠢ ᠪᠤᠳᠤᠬᠤ᠂ ᠶᠠᠪᠤᠳᠠᠯ ᠪᠦᠬᠦᠨ ᠳᠤ ᠤᠯᠠᠨ ᠲᠦᠮᠡᠨ ᠤ ᠲᠥᠯᠥᠭᠡ ᠵᠢᠳᠬᠦᠬᠦ ᠶᠢ ᠪᠡᠶᠡᠯᠡᠬᠦᠯᠦᠨ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂  ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ  ᠲᠠᠶᠢᠯᠪᠤᠷᠢᠯᠠᠵᠤ ᠪᠠᠶᠢᠨ᠎ᠠ᠃ ᠯᠦᠸᠧ ᠲᠦᠸᠧ ᠱᠠᠨ ᠪᠠᠯᠭᠠᠰᠤ ᠨᠢ ᠲᠥᠪᠯᠡᠷᠡᠨ ᠰᠤᠷᠤᠯᠴᠠᠬᠤ ᠪᠠᠷ ᠲᠠᠮᠵᠢᠭᠠᠳ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠬᠠᠷᠢᠴᠠᠭᠤᠯᠤᠨ ᠥᠪᠡᠷ ᠢ ᠪᠠᠨ ᠵᠠᠳᠠᠯᠤᠨ ᠰᠢᠨᠵᠢᠯᠡᠵᠦ᠂ ᠲᠤᠰ ᠲᠤᠰ ᠤᠨ ᠠᠵᠢᠯ ᠤᠨ ᠪᠠᠶᠢᠷᠢ ᠂ ᠠᠵᠢᠯ ᠤᠨ  ᠪᠤᠳᠠᠳᠠᠢ ᠲᠠᠢ ᠪᠠᠨ ᠤᠶᠠᠯᠳᠤᠭᠤᠯᠤᠨ ᠰᠤᠷᠤᠯᠴᠠᠵᠤ᠂  ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠠᠵᠢᠯ ᠤᠨ ᠰᠡᠳᠬᠢᠴᠡ᠂  ᠠᠷᠭ᠎ᠠ ᠪᠣᠳᠣᠯᠭ᠎ᠠ ᠪᠠ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂   ᠲᠤᠰ ᠪᠠᠯᠭᠠᠰᠤᠨ ᠤ ᠪᠠᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ  ᠪᠦᠬᠦ ᠶᠠᠪᠤᠴᠠ ᠳᠤ  ᠨᠠᠶᠢᠳᠠᠪᠤᠷᠢᠵᠢᠭᠤᠯᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号