ᠴᠢᠶᠠᠨ ᠶᠢᠨ ᠭᠸᠦ ᠪᠠᠯᠭᠠᠰᠤ᠄  ᠳ᠋ᠠ ᠭᠧ ᠳ᠋ᠦᠩ ᠲᠤᠰᠬᠤᠨ ᠳᠤ ᠭᠠᠯ ᠰᠡᠷᠭᠡᠶᠢᠯᠡᠬᠦ ᠤᠬᠠᠭᠤᠯᠭ᠎ᠠ  ᠬᠢᠭᠰᠡᠨ
ᠨᠡᠶᠢᠲᠡᠯᠡᠭᠰᠡᠨ ᠴᠠᠭ᠄
2022/11/9
  11 ᠰᠠᠷ᠎ᠠ ᠶᠢᠨ 7 ᠤ ᠡᠳᠦᠷ᠂ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ ᠳᠤ ᠭᠦᠨᠵᠡᠭᠡᠶᠢᠷᠡᠵᠦ᠂ ︽ᠭᠠᠯ  ᠰᠡᠷᠭᠡᠶᠢᠯᠡᠬᠦ ᠠᠵᠢᠯ ᠢ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ︾ ᠭᠤᠣᠯ ᠰᠡᠳᠦᠪ ᠤᠨ ᠲᠣᠭᠤᠷᠢᠨ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠠᠵᠢᠯᠲᠠᠳ ᠠᠴᠠ ᠲᠣᠰᠬᠤᠨ ᠤ ᠠᠷᠠᠳ ᠲᠤ ᠭᠡᠷ ᠪᠦᠯᠢ ᠶᠢᠨ ᠭᠠᠯ ᠤᠨᠲᠠᠷᠠᠭᠠᠬᠤ ᠶᠡᠷᠦ ᠶᠢᠨ ᠮᠡᠳᠡᠯᠭᠡ᠂ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ᠂ ᠨᠡᠭᠦᠷᠡᠰᠦᠨ ᠬᠡᠢ ᠶᠢᠨ ᠰᠠᠪᠠ ᠳᠤ ᠭᠠᠯ ᠭᠠᠷᠪᠠᠯ ᠬᠡᠷᠬᠢᠨ ᠤᠨᠲᠠᠷᠠᠭᠠᠬᠤ ᠵᠡᠷᠭᠡ ᠦᠨᠳᠦᠰᠦᠨ ᠮᠡᠳᠡᠯᠭᠡ ᠶᠢ ᠲᠠᠶᠢᠯᠪᠤᠷᠢᠯᠠᠵᠤ᠂ ᠡᠯ᠎ᠡ ᠵᠦᠢᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠠᠨᠢᠯᠴᠠᠭᠤᠯᠤᠨ᠂ ᠲᠡᠬᠦᠨ ᠤ ᠦᠢᠯᠡᠳᠦᠯ ᠴᠢᠳᠠᠮᠵᠢ ᠪᠠ ᠬᠡᠷᠡᠭᠯᠡᠬᠦ ᠠᠷᠭ᠎ᠠ ᠶᠢ ᠤᠶᠢᠯᠠᠭᠠᠭᠤᠯᠤᠭᠰᠠᠨ ᠤ ᠬᠠᠮᠳᠤ  ᠂ ᠡᠳᠦᠷ ᠲᠤᠳᠤᠮ ᠤᠨ ᠠᠮᠢᠳᠤᠷᠠᠯ ᠳᠤᠮᠳᠠ ᠪᠠᠨ ᠭᠠᠯ ᠤᠨ ᠠᠶᠤᠯ ᠢ ᠡᠷᠭᠡᠪᠰᠢ ᠠᠩᠬᠠᠷᠬᠤ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃  ᠠᠵᠢᠯᠳᠠᠳ ᠪᠠᠰᠠ ᠠᠶᠢᠯ ᠡᠷᠦᠬᠡ ᠪᠠᠷ ᠬᠦᠨᠵᠡᠬᠡᠶᠢᠷᠡᠵᠦ᠂ ᠠᠮᠤᠷ ᠲᠦᠪᠰᠢᠨ ᠤ ᠬᠡᠮ ᠰᠣᠭᠤᠭ ᠢ  ᠪᠠᠶᠢᠴᠠᠭᠠᠨ᠂ ᠵᠤᠤᠬᠠᠨ ᠤ ᠣᠶᠢᠷ᠎ᠠ ᠬᠠᠪᠢ ᠳᠤ ᠰᠢᠲᠠᠮᠠᠬᠠᠢ ᠪᠣᠳᠠᠰ ᠲᠠᠯᠪᠢᠵᠤ ᠪᠣᠯᠬᠤ ᠦᠭᠡᠢ᠂  ᠴᠠᠬᠢᠯᠭᠠᠨ ᠤᠲᠠᠰᠤ ᠶᠢ ᠲᠤᠷ᠎ᠠ ᠲᠠᠪᠠ ᠪᠠᠷ  ᠢᠶᠠᠨ ᠵᠠᠯᠭᠠᠵᠤ ᠲᠠᠳᠠᠵᠤ ᠪᠤᠯᠬᠤ ᠦᠬᠡᠢ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠲᠣᠰᠣ ᠬᠡᠷᠡᠭᠯᠡᠬᠦ᠂ ᠬᠡᠢ ᠬᠡᠷᠡᠭᠯᠡᠬᠦ  ᠳᠡᠭᠡᠨ ᠠᠮᠤᠷ ᠲᠦᠪᠰᠢᠨ ᠢ ᠤᠨᠴᠠᠭᠠᠶᠢᠯᠠᠨ ᠠᠩᠬᠠᠷᠬᠤ ᠭᠡᠷᠡᠭᠳᠡᠢ ᠭᠡᠵᠦ ᠲᠣᠰᠬᠤᠨ ᠤ ᠠᠷᠠᠳ ᠲᠤ ᠲᠠᠬᠢᠨ ᠲᠠᠪᠳᠠᠨ ᠵᠠᠬᠢᠵᠤ ᠰᠠᠨᠠᠭᠤᠯᠪᠠ᠃     ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠠᠵᠢᠯᠳᠠᠨ ᠯᠢ ᠸᠧᠢ᠄ ︽ᠡᠶᠢᠮᠦᠷᠬᠦ ᠤᠬᠠᠭᠤᠯᠭ᠎ᠠ  ᠶᠢ ᠭᠡᠷ ᠲᠤᠨᠢ ᠬᠦᠷᠭᠡᠬᠦ ᠠᠷᠭ᠎ᠠ ᠪᠠᠷ ᠲᠠᠮᠵᠢᠭᠠᠳ ᠪᠢᠳᠡ ᠬᠥᠳᠡᠭᠡ ᠲᠣᠰᠬᠤᠨ ᠤ ᠭᠠᠯ ᠰᠡᠷᠭᠡᠶᠢᠯᠡᠬᠦ  ᠬᠠᠮᠢᠶᠠᠷᠤᠯᠲᠠ ᠶᠢᠨ ᠬᠢᠷᠢ ᠲᠦᠪᠰᠢᠨ ᠪᠠ ᠲᠣᠰᠬᠤᠨ ᠤ ᠠᠷᠠᠳ ᠤᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠴᠤᠭᠴᠠᠯᠠᠯᠳᠠ ᠬᠥᠭᠵᠢᠯᠲᠡ ᠶᠢ ᠠᠬᠢᠭᠤᠯᠬᠤ ᠳᠤ ᠠᠮᠤᠷ ᠲᠦᠪᠰᠢᠨ ᠣᠷᠴᠢᠨ ᠨᠥᠬᠦᠴᠡᠯ ᠢ ᠪᠣᠶ ᠪᠣᠯᠭᠠᠬᠤ ᠪᠠᠷ ᠴᠢᠷᠮᠠᠶᠢᠵᠤ ᠪᠠᠶᠢᠨ᠎ᠠ︾᠃    ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂  ᠬᠥᠳᠡᠭᠡ ᠲᠣᠰᠬᠤᠨ ᠤ ᠠᠶᠢᠯ ᠡᠷᠦᠬᠡ ᠳᠤ ᠭᠠᠯ ᠰᠡᠷᠭᠡᠶᠢᠯᠡᠬᠦ ᠠᠷᠭ᠎ᠠ ᠲᠤᠷᠰᠢᠯᠭ᠎ᠠ ᠶᠢ ᠡᠵᠡᠮᠰᠢᠬᠦᠯᠦᠨ᠂  ᠡᠯ᠎ᠡ ᠲᠥᠷᠥᠯ ᠤᠨ ᠭᠠᠯ ᠤᠨ  ᠠᠶᠤᠯ ᠤᠨ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂  ︽ᠬᠥᠮᠥᠨ ᠪᠦᠬᠦᠨ ᠭᠠᠯ  ᠰᠡᠷᠭᠡᠶᠢᠯᠡᠬᠦ ᠶᠢ ᠠᠩᠬᠠᠷᠴᠤ  ᠬᠦᠮᠦᠨ ᠪᠦᠬᠦᠨ ᠭᠠᠯ  ᠰᠡᠷᠭᠡᠶᠢᠯᠡᠬᠦ ᠳᠤ ᠣᠷᠤᠯᠴᠠᠬᠤ︾ ᠠᠭᠤᠷ ᠠᠮᠢᠰᠬᠤᠯ ᠢ ᠪᠣᠶ ᠪᠤᠯᠭᠠᠬᠤ ᠪᠠᠷ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号