ᠬᠤᠩ ᠴᠢ ᠪᠠᠯᠭᠠᠰᠤ᠄  ᠭᠤᠤ ᠶᠢᠩ ᠵᠦᠸᠧ ᠨᠠᠭᠤᠷ ᠭᠤᠣᠯ ᠢ ᠲᠤᠭᠤᠷᠢᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/11/9
    ᠨᠠᠭᠤᠷ ᠭᠤᠣᠯ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠭᠤᠷ ᠭᠤᠣᠯ ᠤᠨ ᠳᠠᠷᠤᠭ᠎ᠠ ᠶᠢᠨ ᠲᠣᠭᠤᠷᠢᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠬᠤ ᠶᠢᠨ ᠲᠦᠯᠦᠭᠡ᠂ 11 ᠰᠠᠷ᠎ᠠ   ᠶᠢᠨ 7 ᠤ ᠡᠳᠦᠷ  ᠬᠤᠩ ᠴᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂  ᠬᠤᠩ ᠴᠢ ᠪᠠᠯᠭᠠᠰᠤᠨ ᠤ ᠨᠠᠭᠤᠷ ᠭᠤᠣᠯ ᠤᠨ ᠶᠡᠷᠦᠩᠬᠡᠢ ᠳᠠᠷᠤᠭ᠎ᠠ ᠭᠤᠣ ᠶᠢᠩ ᠵᠦᠸᠧ ᠪᠠᠯᠭᠠᠰᠤᠨ ᠤ ᠭᠡᠪᠴᠢᠶᠡᠨ ᠳᠠᠬᠢ ᠨᠠᠭᠤᠷ ᠤᠨ ᠬᠦᠪᠡᠭᠡ᠂ ᠭᠤᠣᠯ ᠤᠨ ᠡᠷᠬᠢ ᠪᠠ ᠭᠤᠤ ᠰᠤᠪᠠᠭ ᠤᠨ ᠠᠷᠢᠭᠤᠨ ᠴᠡᠪᠡᠷ ᠤᠨ ᠪᠠᠶᠢᠳᠠᠯ ᠢ ᠲᠤᠭᠤᠷᠢᠨ ᠪᠠᠶᠢᠴᠠᠭᠠᠵᠦ᠂ ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠪᠠᠶᠢᠭᠤᠯᠤᠭᠰᠠᠨ᠂ ᠳᠤᠷ᠎ᠠ ᠪᠠᠷ ᠢᠶᠠᠨ ᠬᠦᠷᠢᠶᠡᠯᠡᠵᠦ ᠳᠤᠷ᠎ᠠ ᠪᠠᠷ ᠢᠶᠠᠨ ᠪᠥᠭᠯᠡᠭᠰᠡᠨ᠂ ᠳᠤᠷ᠎ᠠ ᠪᠠᠷ ᠢᠶᠠᠨ ᠮᠠᠯᠲᠠᠵᠤ ᠳᠤᠷ᠎ᠠ ᠪᠠᠷ ᠢᠶᠠᠨ ᠮᠠᠯᠳᠠᠵᠤ ᠳᠤᠷ᠎ᠠ ᠪᠠᠷ ᠢᠶᠠᠨ ᠭᠠᠳᠠᠭᠰᠢᠯᠠᠭᠤᠯᠤᠭᠰᠠᠨ ᠵᠡᠷᠭᠡ ᠦᠵᠡᠭᠳᠡᠯ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠭᠰᠠᠨ ᠪᠠᠶᠢᠨ᠎ᠠ᠃ ᠭᠤᠣ ᠶᠢᠩ ᠵᠦᠸᠧ ᠲᠣᠭᠤᠷᠢᠨ ᠪᠠᠶᠢᠴᠠᠭᠠᠬᠤ ᠶᠠᠪᠤᠴᠠ ᠳᠤ ᠢᠯᠡᠷᠡᠭᠰᠡᠨ ᠠᠰᠠᠭᠤᠳᠠᠯ  ᠳᠤ ᠴᠢᠭᠡᠯᠬᠦᠯᠵᠦ  ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠤᠭᠰᠠᠨ ᠤ ᠬᠠᠮᠳᠤ᠂  ᠲᠤᠭᠤᠷᠢᠨ ᠪᠠᠶᠢᠴᠠᠭᠠᠬᠤ ᠠᠵᠢᠯ ᠤᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂  ᠤᠬᠠᠭᠤᠯᠭ᠎ᠠ ᠬᠥᠮᠦᠵᠢᠯ ᠢ ᠤᠯᠠᠮ ᠨᠢᠬᠡ ᠠᠯᠬᠤᠮ ᠴᠢᠩᠭᠠᠳᠬᠠᠨ᠂  ᠠᠷᠠᠳ ᠢᠷᠭᠡᠳ ᠤ ᠣᠷᠴᠢᠨ ᠲᠤᠭᠤᠷᠢᠨ ᠢᠶᠠᠨ ᠬᠠᠮᠠᠭᠠᠯᠠᠬᠤ ᠤᠬᠠᠮᠰᠠᠷ ᠢ ᠲᠡᠭᠡᠭᠰᠢᠯᠡᠬᠦᠯᠵᠦ᠂ ᠪᠥᠬᠦ ᠨᠡᠶᠢᠭᠡᠮ ᠢᠶᠠᠷ ᠢᠶᠠᠨ   ᠣᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠂  ᠬᠠᠷᠢᠶ᠎ᠠ ᠣᠷᠣᠨ ᠤ ᠪᠠᠨ ᠨᠠᠭᠤᠷ ᠭᠤᠣᠯ ᠤᠨ ᠣᠷᠴᠢᠨ ᠲᠤᠭᠤᠷᠢᠨ ᠤ ᠦᠷᠭᠦᠯᠵᠢᠯᠡᠨ ᠰᠠᠶᠢᠵᠢᠷᠠᠭᠤᠯᠬᠤ ᠶᠢ  ᠪᠠᠳᠤᠯᠠᠬᠤ ᠭᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号