ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/1
   11 ᠰᠠᠷ᠎ᠠ ᠶᠢᠨ 29 ᠤ ᠡᠳᠦᠷ᠂  ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠵᠤ᠂ 2022 ᠣᠨ ᠤ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠤᠯᠭᠠᠭᠤᠯᠬᠤ ᠠᠵᠢᠯ ᠤᠨ ᠰᠤᠮᠤ ᠰᠢᠶᠠᠩ ᠪᠠᠯᠭᠠᠰᠤᠨ ᠤ  ᠬᠠᠷᠢᠯᠴᠠᠨ ᠪᠠᠶᠢᠴᠠᠭᠠᠭᠰᠠᠨ ᠪᠠᠶᠢᠳᠠᠯ ᠢ ᠮᠡᠳᠡᠭᠳᠡᠵᠦ᠂ ᠤᠯᠤᠰ ᠣᠷᠣᠨ ᠤ ᠬᠢᠨᠠᠨ ᠰᠢᠯᠭᠠᠯᠳᠠ  ᠶᠢ ᠤᠭᠳᠤᠬᠤ ᠠᠵᠢᠯ ᠳᠤ ᠪᠠᠶᠢᠷᠢᠯᠠᠭᠤᠯᠤᠯᠳᠠ ᠬᠢᠵᠡᠢ᠃ ᠬᠤᠰᠢᠭᠤ ᠨᠠᠮ ᠤᠨ ᠬᠤᠷᠢᠶᠠᠨ ᠤ ᠱᠦᠵᠢ᠂  ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠣᠣ ᠹᠧᠢ ᠫᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠭᠰᠠᠨ ᠪᠠᠶᠢᠨ᠎ᠠ᠃ ᠬᠤᠷᠠᠯ ᠠᠴᠠ᠂  ᠬᠤᠰᠢᠭᠤ ᠲᠠᠶᠠᠭᠠᠷ  ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠤᠨ ᠠᠷᠭ᠎ᠠ ᠪᠠᠷᠢᠯ ᠢᠶᠠᠨ ᠨᠠᠷᠢᠯᠢᠭᠵᠢᠭᠤᠯᠵᠤ᠂ ᠡᠬᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠳᠦᠮᠵᠢᠳᠡᠢ ᠵᠤᠯᠭᠠᠭᠤᠯᠬᠤ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠡᠭᠦᠨ ᠤ ᠬᠠᠮᠲᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠣᠶ ᠪᠤᠯᠭᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠲᠣᠭᠤᠷᠢᠨ ᠳᠤ  ᠂ ᠨᠢᠭᠲᠠ  ᠬᠠᠮᠵᠢᠯᠴᠠᠭᠰᠠᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠭᠰᠡᠨ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠣᠶ ᠪᠤᠯᠭᠠᠨ᠂ ᠴᠢᠨᠠᠷ ᠰᠠᠶᠢᠲᠠᠢ ᠥᠨᠳᠥᠷ ᠬᠢᠷᠢ ᠲᠦᠪᠰᠢᠨ ᠢᠶᠠᠷ ᠠᠬᠢᠭᠤᠯᠬᠤ ᠶᠢ ᠦᠨᠡᠨᠬᠦ ᠪᠠᠲᠤᠯᠠᠵᠤ᠂ ᠤᠯᠤᠰ ᠣᠷᠣᠨ ᠤ ᠰᠢᠯᠭᠠᠨ ᠪᠠᠶᠢᠴᠠᠭᠠᠯᠳᠠ ᠶᠢ ᠰᠠᠶᠢᠲᠤᠷ ᠤᠭᠲᠤᠬᠤ ᠬᠡᠷᠡᠭᠲᠡᠢ ᠬᠡᠵᠦ ᠴᠢᠬᠤᠯᠠᠴᠢᠯᠠᠪᠠ᠃ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠭᠡᠰᠢᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠪᠠ  ᠬᠤᠪᠢᠳᠠᠨ ᠬᠠᠮᠢᠶᠠᠷᠴᠤ  ᠪᠠᠶᠢᠭ᠎ᠠ ᠤᠳᠤᠷᠢᠳᠤᠯᠭ᠎ᠠ᠂  ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠤᠣᠯ ᠬᠠᠷᠢᠭᠤᠴᠠᠯᠭᠠᠲᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠪᠴᠢᠶᠠᠨ ᠤ ᠤᠳᠤᠷᠢᠳᠬᠤ ᠪᠠᠭ ᠤᠨ ᠭᠡᠰᠢᠬᠦᠳ᠂  ᠱᠠᠭᠠᠷᠳᠠᠨ ᠪᠠᠶᠢᠴᠠᠭᠠᠵᠤ ᠬᠢᠨᠠᠨ ᠰᠢᠯᠭᠠᠬᠤ ᠲᠤᠪᠴᠢᠶᠠᠨ ᠤ ᠤᠳᠤᠷᠢᠳᠬᠤ ᠪᠠᠭ ᠤᠨ ᠭᠡᠰᠢᠬᠦᠳ ᠬᠤᠷᠠᠯ ᠳᠤ  ᠤᠷᠤᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号