ᠲᠠᠶᠢᠹᠦᠰᠧ ᠬᠤᠰᠢᠭᠤᠨ ᠤ ᠡᠪᠯᠡᠯ ᠤᠨ ᠬᠤᠷᠢᠶ᠎ᠠ ︽ᠵᠠᠯᠠᠭᠤ ᠮᠠᠷᠺᠰ ᠤᠨ ᠦᠵᠡᠯᠲᠡᠳ ᠢ ᠬᠥᠮᠥᠵᠢᠭᠦᠯᠬᠦ︾ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/12/10
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ ᠦᠨᠡᠨᠴᠢ ᠰᠢᠳᠤᠷᠭᠤ᠂ ᠴᠡᠪᠡᠷ ᠴᠢᠭᠡᠴᠢ  ᠂ ᠬᠠᠷᠢᠭᠤᠴᠠᠯᠭ᠎ᠠ ᠡᠭᠦᠷᠭᠡᠯᠡᠳᠡᠭ᠂ ᠥᠨᠳᠥᠷ ᠬᠡᠪ ᠪᠣᠯᠪᠠᠰᠤᠷᠠᠯ ᠲᠠᠢ ᠡᠪᠯᠡᠯ ᠤᠨ ᠺᠠᠳ᠋ᠷ ᠤᠨ ᠡᠩᠨᠡᠭᠡ ᠪᠣᠯᠣᠨ ᠤᠯᠤᠰ ᠲᠦᠷᠦ ᠶᠢᠨ ᠬᠡᠪ ᠰᠤᠷᠲᠠᠯ ᠰᠠᠶᠢᠨ᠂  ᠠᠵᠢᠯ ᠤᠨ ᠬᠢᠷᠢ ᠴᠢᠳᠠᠪᠤᠷᠢ ᠦᠨᠳᠦᠷ ᠨᠢᠭᠡ ᠪᠦᠯᠦᠭ  ᠵᠠᠯᠠᠭᠤ  ᠭᠤᠣᠯᠯᠠᠭᠴᠢ ᠬᠦᠴᠦᠨ ᠢ ᠬᠦᠮᠦᠵᠢᠬᠦᠯᠬᠦ ᠶᠢᠨ ᠲᠤᠰᠠᠳᠠ᠂ 12 ᠰᠠᠷ᠎ᠠ ᠶᠢᠨ 8 ᠤ ᠡᠳᠦᠷ  ᠲᠠᠶᠢᠹᠤᠰᠧ ᠬᠤᠰᠢᠭᠤᠨ ᠤ ᠡᠪᠯᠡᠯ ᠤᠨ ᠬᠤᠷᠢᠶ᠎ᠠ ᠨᠢ 2022 ᠣᠨ ᠤ  ᠦᠨᠳᠦᠰᠦᠨ ᠱᠠᠲᠤᠨ ᠤ ᠡᠪᠯᠡᠯ ᠤᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ︽ᠵᠠᠯᠠᠭᠤ ᠮᠠᠷᠺᠰ ᠤᠨ ᠦᠵᠡᠯᠲᠡᠳ ᠢ ᠬᠥᠮᠥᠵᠢᠭᠦᠯᠬᠦ ᠢᠨᠵᠧᠨᠧᠷᠢᠩ︾ ᠤᠨ ᠪᠣᠯᠪᠠᠰᠤᠷᠠᠯ ᠤᠨ ᠠᠩᠭᠢ ᠡᠷᠬᠢᠯᠡᠵᠡᠢ᠃  ᠡᠯ᠎ᠡ ᠰᠤᠮᠤ ᠰᠢᠶᠠᠩ ᠪᠠᠯᠭᠠᠰᠤᠨ ᠤ ᠡᠪᠯᠡᠯ ᠤᠨ ᠬᠤᠷᠢᠶᠠᠨ ᠤ ᠱᠦᠵᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ︶ ᠤ ᠡᠪᠯᠡᠯ ᠤᠨ ᠡᠭᠦᠷ ᠤᠨ ᠱᠦᠵᠢ  ᠂  ᠲᠤᠮᠳᠠᠳᠤ ᠪᠠᠭ᠎ᠠ ᠰᠤᠷᠭᠠᠭᠤᠯᠢ ᠶᠢᠨ ᠡᠪᠯᠡᠯ ᠤᠨ ᠬᠤᠷᠢᠶᠠᠨ ᠤ ᠱᠦᠵᠢ ᠪᠠ ᠪᠠᠭᠠᠴᠤᠳ ᠤᠨ ᠬᠤᠰᠢᠭᠤᠴᠢ ᠠᠩᠭᠢ ᠶᠢᠨ ᠶᠡᠭᠡ ᠠᠩᠭᠢ ᠶᠢᠨ ᠬᠠᠪᠰᠤᠷᠤᠨ ᠵᠢᠯᠣᠭᠤᠳᠤᠭᠴᠢ ᠵᠢᠴᠢ  ᠰᠤᠷᠤᠭᠴᠢᠳ  ᠤᠨ ᠲᠦᠯᠦᠭᠡᠯᠡᠭᠴᠢ ᠨᠡᠶᠢᠲᠡ 75 ᠬᠥᠮᠥᠨ ᠪᠣᠯᠪᠠᠰᠤᠷᠠᠯ ᠳᠤ ᠤᠷᠤᠯᠴᠠᠪᠠ᠃   ᠰᠦᠯᠵᠢᠶᠡᠨ ᠲᠡᠭᠡᠷ᠎ᠡ ᠶᠠᠪᠤᠭᠳᠠᠭᠰᠠᠨ ᠡᠨᠡ ᠤᠳᠠᠭᠠᠨ ᠤ ᠪᠣᠯᠪᠠᠰᠤᠷᠠᠯ ᠳᠤ  ᠂ ᠠᠶᠢᠮᠠᠭ ᠤᠨ ᠡᠪᠯᠡᠯ ᠤᠨ ᠬᠤᠷᠢᠶᠠᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ  ᠶᠢᠨ ᠬᠡᠯᠲᠡᠰ ᠤᠨ ᠺᠠᠳ᠋ᠷ ᠭᠤᠸ᠎ᠠ ᠨᠥᠬᠦᠷ ᠠᠴᠠ ︽ ᠡᠬᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠦ ᠦᠢᠯᠡᠴᠢᠯᠡᠭᠡᠨ ᠤ ᠬᠢᠷᠢ ᠴᠢᠳᠠᠪᠤᠷᠢ ᠪᠠᠨ ᠳᠡᠭᠡᠭᠰᠢᠯᠡᠭᠦᠯᠦᠶ᠎ᠡ ︾ ᠭᠡᠬᠦ ᠰᠡᠳᠦᠪ ᠢᠶᠠᠷ ᠣᠨᠣᠯ ᠤᠨ ᠬᠢᠴᠢᠶᠡᠯ ᠤᠷᠤᠵᠤ᠂  ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ  ᠴᠤᠭᠴᠠᠯᠠᠯᠳᠠ᠂ ᠡᠪᠯᠡᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠲᠤᠬᠠᠶᠢᠯᠠᠭᠰᠠᠨ ᠠᠵᠢᠯ ᠤᠨ  ᠵᠢᠯᠣᠭᠤᠳᠤᠯᠭ᠎ᠠ ᠬᠢᠵᠦ᠂ ᠠᠶᠢᠮᠠᠭ ᠤᠨ ᠵᠠᠯᠠᠭᠤᠴᠤᠳ ᠤᠨ ᠯᠧᠺᠲ᠋ᠣᠷ ᠤᠨ ᠪᠦᠯᠬᠦᠮ ᠤᠨ ᠭᠡᠰᠢᠬᠦᠳ᠂ ᠯᠥᠸᠧ ᠲᠦᠸᠧ ᠱᠠᠨ ᠪᠠᠯᠭᠠᠰᠤᠨ ᠤ ᠡᠪᠯᠡᠯ ᠤᠨ ᠬᠤᠷᠢᠶᠠᠨ ᠤ ᠱᠦᠵᠢ ᠯᠢ  ᠽᠧ ᠢᠦᠢ ᠠᠴᠠ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ ᠰᠢᠨ᠎ᠡ ᠠᠶᠠᠨ ᠵᠠᠮ ᠤᠨ ᠢᠶᠠᠨ ᠲᠠᠷᠪᠠᠭᠤᠯ ᠢ ᠪᠤᠰᠬᠠᠶ᠎ᠠ︾ ᠭᠡᠬᠦ ᠰᠡᠳᠦᠪ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠬᠠᠢ ᠨᠠᠷᠢᠨ ᠲᠠᠶᠢᠯᠤᠮᠵᠢ ᠬᠢᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号