ᠬᠤᠰᠢᠭᠤ ᠨᠠᠮ ᠤᠨ ᠬᠤᠷᠢᠶᠠᠨ ᠤ 50 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/10
  12 ᠰᠠᠷ᠎ᠠ ᠶᠢᠨ 8 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 50 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ  ᠲᠡᠭᠡᠷ᠎ᠡ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠰᠦᠨ ᠱᠤᠤ ᠴᠧᠩ ᠨᠥᠬᠦᠷ ᠤᠨ  ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠬᠤᠶᠠᠳᠤᠭᠠᠷ ᠬᠤᠷᠠᠯᠳᠤᠭᠠᠨ ᠲᠡᠭᠡᠷᠡᠬᠢ ᠰᠦᠨ ᠱᠤᠤ ᠴᠧᠩ ᠨᠥᠬᠦᠷ ᠤᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ  ᠰᠤᠷᠤᠯᠴᠠᠭᠰᠠᠨ ᠪᠠᠶᠢᠨ᠎ᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠭᠤᠣᠯ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号