12 ᠰᠠᠷ᠎ᠠ ᠶᠢᠨ 8 ᠤ ᠡᠳᠦᠷ᠂ ᠲᠠᠶᠢᠹᠤᠰᠧ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠳᠦᠬᠡᠯ ᠢ ᠪᠠᠬᠢᠵᠢᠬᠦᠯᠬᠦ ᠠᠵᠢᠯ ᠤᠨ ᠲᠤᠬᠠᠢ ᠤᠯᠤᠰ ᠤᠨ ᠬᠢᠨᠠᠨ ᠰᠢᠯᠭᠠᠯᠳᠠ ᠶᠢ ᠤᠭᠳᠤᠬᠤ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠢᠨᠠᠨ ᠰᠢᠯᠭᠠᠯᠳᠠ ᠶᠢ ᠤᠭᠲᠤᠬᠤ ᠬᠠᠮᠢᠶ᠎ᠠ | ᠪᠦᠬᠦᠢ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠳᠡᠳ᠋ ᠳᠠᠷᠤᠭ᠎ᠠ ᠶᠠᠩ ᠯᠢ᠂ ᠬᠤᠰᠢᠭᠤ ᠨᠠᠮ ᠤᠨ ᠬᠤᠷᠢᠶᠠᠨ ᠤ | ᠱᠦᠵᠢ᠂ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ | ᠵᠣᠣ ᠹᠧᠢ ᠫᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠶᠠᠩ ᠯᠢ ᠶᠠᠷᠢᠶᠠᠨ ᠳᠠᠭᠠᠨ᠂ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ | ᠶᠢ ᠡᠷᠡᠰ ᠡᠬᠦᠷᠭᠡᠯᠡᠨ᠂ ᠪᠠᠶᠢᠴᠠᠭᠠᠯᠲᠠ ᠶᠢ ᠤᠭᠲᠤᠬᠤ ᠠᠵᠢᠯ ᠢ ᠪᠦᠬᠦ ᠬᠦᠴᠦᠨ ᠢᠶᠠᠷ ᠰᠠᠶᠢᠨ ᠬᠢᠬᠦ ᠬᠡᠷᠡᠭᠲᠡᠢ᠃ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠴᠢᠩᠭᠠᠳᠬᠠᠵᠤ᠂ ︽ᠭᠤᠷᠪᠠ ᠶᠢ ᠪᠠᠲᠤᠯᠠᠬᠤ︾ ᠪᠠ ᠠᠶᠤᠯᠬᠦᠢ | ᠤᠰᠤ ᠤᠮᠳᠠ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠶᠢᠨ | ᠠᠵᠢᠯ ᠢ ᠰᠠᠶᠢᠲᠤᠷ ᠬᠢᠵᠦ᠂ ᠨᠢᠭᠡ ᠠᠴᠠ ᠵᠦᠢᠴᠢᠯᠡᠨ ᠨᠦᠬᠦᠭᠡ ᠶᠢ ᠮᠡᠳᠡᠬᠦ᠂ ᠪᠠᠷᠢᠨ ᠬᠡᠷᠡᠭᠵᠢᠭᠦᠯᠵᠦ ᠪᠠᠷᠢᠨ | ᠥᠭᠡᠷᠡᠴᠢᠯᠡᠬᠦ ᠶᠢ ᠪᠡᠶᠡᠯᠡᠭᠦᠯᠵᠦ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠨ᠂ ᠲᠠᠩᠰᠠ | ᠮᠠᠲ᠋ᠧᠷᠢᠶᠠᠯ᠂ ᠶᠠᠷᠢᠯᠴᠠᠯᠭ᠎ᠠ ᠰᠣᠷᠪᠤᠯᠵᠢᠯᠠᠭ᠎ᠠ ᠵᠡᠷᠭᠡ ᠲᠠᠯ᠎ᠠ ᠶᠢᠨ ᠪᠡᠯᠡᠳᠬᠡᠯ ᠠᠵᠢᠯ ᠢ ᠤᠯᠠᠮ ᠰᠠᠶᠢᠨ ᠬᠢᠵᠦ᠂ | ᠨᠠᠷᠢᠯᠢᠭ ᠮᠦᠷᠳᠡᠭᠡᠨ ᠪᠤᠳᠠᠳᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠠᠴᠠᠭ᠎ᠠ ᠲᠣᠰᠬᠤᠨ ᠳᠤ ᠰᠠᠭᠤᠵᠤ | ᠬᠠᠪᠰᠤᠷᠤᠨ ᠲᠡᠳᠬᠦᠬᠦ ᠠᠵᠢᠯ ᠪᠠ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠡᠯ᠎ᠡ | ᠲᠦᠷᠦᠯ ᠤᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠠᠨ ᠲᠦᠮᠡᠨ ᠤ | ᠲᠦᠷᠦ ᠶᠢᠨ ᠪᠣᠳᠣᠯᠭ᠎ᠠ ᠶᠢᠨ ᠲᠤᠬᠠᠢ ᠤᠶᠢᠯᠠᠭᠠᠯᠳᠠ ᠪᠠ ᠪᠠᠬᠢᠵᠢᠭᠦᠯᠦᠭᠰᠡᠨ ᠦᠷ᠎ᠡ ᠪᠦᠲᠦᠭᠡᠯ ᠤᠨ ᠲᠤᠬᠠᠢ | ᠮᠡᠳᠡᠷᠡᠴᠡ ᠶᠢ ᠨᠡᠮᠡᠭᠳᠡᠬᠦᠯᠵᠦ᠂ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ | ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠤᠯᠠᠨ ᠲᠦᠮᠡᠨᠴᠢ ᠠᠵᠢᠯ ᠢ ᠬᠦᠯᠢᠴᠡᠩᠭᠦᠢ ᠰᠠᠶᠢᠨ | ᠬᠢᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠵᠣᠣ ᠹᠧᠢ ᠫᠧᠩ ᠱᠠᠭᠠᠷᠳᠠᠬᠤ ᠳᠠᠭᠠᠨ᠂ ᠭᠡᠰᠡᠭᠯᠡᠨ | ᠲᠠᠭᠠᠭᠠᠴᠢᠯᠠᠭᠰᠠᠨ ᠭᠠᠵᠠᠷ ᠤᠨ ᠱᠠᠲᠤᠨ ᠤ ᠤᠳᠤᠷᠢᠳᠤᠯᠭ᠎ᠠ ᠨᠠᠷ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠤᠮᠤ | ᠰᠢᠶᠠᠩ ᠪᠠᠯᠭᠠᠰᠤ ᠪᠠ ᠭᠠᠴᠠᠭ᠎ᠠ ᠲᠣᠰᠬᠤᠨ ᠤ ᠨᠢᠭᠡᠳᠦᠭᠡᠷ ᠹᠷᠣᠨᠲ ᠲᠤ ᠪᠡᠶ᠎ᠡ ᠪᠠᠷ ᠢᠶᠠᠨ ᠬᠦᠨᠵᠡᠬᠡᠶᠢᠷᠡᠨ | ᠲᠣᠬᠢᠷᠠᠭᠤᠯᠤᠨ ᠵᠢᠯᠤᠭᠤᠳᠴᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠪᠠ ᠠᠵᠢᠯᠯᠠᠬᠤ ᠠᠩᠭᠢ ᠶᠢ | ᠴᠢᠩᠭ᠎ᠠ ᠱᠠᠭᠠᠷᠳᠠᠨ᠂ ᠡᠯ᠎ᠡ ᠲᠦᠷᠦᠯ ᠤᠨ ᠬᠢᠨᠠᠨ ᠰᠢᠯᠭᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ | ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ | ᠠᠩᠭᠢ ᠨᠢ ᠡᠭᠦᠷᠭᠡ ᠬᠠᠷᠢᠭᠤᠴᠠᠯᠭ᠎ᠠ ᠪᠠᠨ ᠨᠢᠮᠪᠠᠢ ᠭᠦᠢᠴᠡᠳᠬᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ | ᠡᠯ᠎ᠡ ᠲᠦᠷᠦᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ | ᠬᠡᠷᠡᠭᠲᠡᠢ᠃ ᠠᠰᠠᠭᠤᠳᠠᠯ ᠤᠨ ᠤᠳᠤᠷᠢᠳᠤᠮᠵᠢ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠬᠠᠷᠠᠯᠲᠠ ᠶᠢᠨ | ᠤᠳᠤᠷᠢᠳᠤᠮᠵᠢ ᠪᠠᠷ ᠳᠤᠲᠠᠭᠤᠳᠠᠯ ᠢ ᠨᠦᠬᠦᠪᠦᠷᠢᠯᠡᠨ᠂ ᠲᠣᠰᠬᠤᠨ᠂ ᠡᠷᠦᠬᠡ᠂ ᠬᠥᠮᠥᠨ ᠂ ᠲᠦᠷᠦᠯ ᠵᠦᠢᠯ | ᠳᠠᠷᠠᠭᠠᠯᠠᠨ ᠪᠠᠶᠢᠴᠠᠭᠠᠯᠲᠠ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ | ᠪᠦᠲᠦᠭᠡᠯ ᠢ ᠴᠢᠨᠠᠭᠰᠢᠳᠠ ᠪᠠᠬᠢᠵᠢᠭᠦᠯᠬᠦ ᠬᠡᠷᠡᠭᠲᠡᠢ ᠬᠡᠪᠡ᠃ ᠬᠤᠷᠠᠯ ᠲᠡᠭᠡᠷ᠎ᠡ᠂ ᠤᠯᠤᠰ ᠤᠨ ᠬᠢᠨᠠᠨ ᠰᠢᠯᠭᠠᠬᠤ ᠠᠵᠢᠯ | ᠤᠨ ᠲᠤᠬᠠᠢ ᠲᠠᠶᠢᠯᠤᠮᠵᠢ ᠬᠢᠵᠦ᠂ ᠠᠶᠢᠮᠠᠭ ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ | ᠮᠡᠳᠡᠭᠦᠯᠦᠯᠲᠡ ᠶᠢ ᠨᠡᠶᠢᠳᠡᠯᠡᠵᠡᠢ᠃ ᠬᠤᠰᠢᠭᠤᠨ ᠤ ᠭᠠᠵᠠᠷ ᠤᠨ ᠲᠠᠰ ᠤᠨ ᠤᠳᠤᠷᠢᠳᠤᠯᠭ᠎ᠠ ᠨᠠᠷ᠂ ᠬᠤᠰᠢᠭᠤ | ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠨ | ᠨᠢᠭᠡᠴᠡ ᠶᠢᠨ ᠭᠤᠣᠯ ᠬᠠᠷᠢᠭᠤᠴᠠᠯᠭᠠᠲᠠᠨ ᠂ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠳᠠᠨ᠂ ᠭᠠᠴᠠᠭ᠎ᠠ ᠲᠣᠰᠬᠤᠨ ᠳᠤ | ᠰᠠᠭᠤᠭ᠎ᠠ ᠠᠵᠢᠯᠯᠠᠬᠤ ᠠᠩᠭᠢ ᠶᠢᠨ ᠭᠤᠣᠯ ᠬᠠᠷᠢᠭᠤᠴᠠᠯᠭᠠᠲᠠᠨ᠂ ᠬᠤᠰᠢᠭᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠤᠪᠴᠢᠶ᠎ᠠ᠂᠂ ᠱᠠᠭᠠᠷᠳᠠᠨ ᠪᠠᠶᠢᠴᠠᠭᠠᠵᠤ ᠬᠢᠨᠠᠨ ᠰᠢᠯᠭᠠᠬᠤ ᠲᠤᠪᠴᠢᠶᠠᠨ ᠤ | ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠤᠷᠤᠯᠴᠠᠪᠠ᠃ |