ᠪᠤᠤᠴᠠᠩ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/10
12 ᠰᠠᠷ᠎ᠠ ᠶᠢᠨ 9  ᠤ ᠡᠳᠦᠷ᠂ ᠪᠤᠤᠴᠠᠩ ᠪᠠᠯᠭᠠᠰᠤ 2022 ᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠠᠷᠪᠠᠨ ᠲᠠᠪᠤᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ ᠢ ᠡᠷᠬᠢᠯᠡᠨ᠂   ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ︽ ᠨᠠᠮ ᠤᠨ ᠬᠤᠷᠢᠳᠤᠭᠠᠷ ᠶᠡᠭᠡ ᠬᠤᠷᠠᠯ ᠲᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠰᠢ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ︾ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ  ᠰᠤᠷᠤᠯᠴᠠᠭᠰᠠᠨ ᠪᠦᠭᠡᠳ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ  ᠥᠪᠡᠷ ᠤᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠰᠢᠨ᠎ᠡ ᠴᠠᠭ ᠦᠶ᠎ᠡ ᠶᠢᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠪᠠ᠃ ᠬᠤᠷᠠᠯ ᠠᠴᠠ ᠱᠠᠭᠠᠷᠳᠠᠬᠤ ᠳᠠᠭᠠᠨ᠂ ᠨᠢᠭᠡ ᠳᠤ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠬᠦᠯᠦᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ᠂  ᠪᠠᠯᠭᠠᠰᠤᠨ  ᠤ ᠤᠳᠤᠷᠢᠳᠤᠯᠭ᠎ᠠ ᠨᠠᠷ ᠲᠦᠷᠦᠭᠦᠯᠡᠨ ᠰᠤᠷᠤᠯᠴᠠᠵᠤ᠂  ᠬᠦᠨᠵᠡᠬᠡᠢ ᠣᠶᠢᠯᠠᠭᠠᠵᠤ᠂  ᠶᠤᠰᠤᠴᠢᠯᠠᠨ ᠬᠦᠢᠴᠡᠳᠭᠡᠵᠦ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠬᠤᠶᠠᠷ ᠲᠤ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂  ᠲᠤᠤᠱᠯᠠᠭᠤᠯᠤᠨ ᠰᠤᠷᠤᠯᠴᠠᠬᠤ ᠶᠢ ᠰᠠᠶᠢᠲᠤᠷ ᠠᠳᠬᠤᠨ᠎ᠠ᠃ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠪᠣᠳᠠᠲᠠᠢ ᠠᠵᠢᠯ ᠤᠨ ᠳᠣᠲᠣᠭᠠᠳᠤ ᠬᠠᠷᠢᠯᠴᠠᠭ᠎ᠠ ᠶᠢ ᠭᠦᠨᠵᠡᠭᠡᠢ ᠣᠶᠢᠯᠠᠭᠠᠵᠤ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ᠂  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠶᠢ ᠦᠷᠭᠦᠯᠵᠢᠯᠡᠨ ᠠᠬᠢᠭᠤᠯᠵᠤ᠂ ᠭᠦᠨᠵᠡᠭᠡᠢ ᠰᠤᠷᠤᠯᠴᠠᠵᠦ ᠨᠡᠪᠲᠡᠷᠡᠲᠡᠯ᠎ᠡ ᠣᠶᠢᠯᠠᠭᠠᠬᠤ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ ᠪᠣᠳᠠᠲᠤ ᠪᠠᠶᠢᠳᠠᠯ ᠲᠠᠢ ᠪᠠᠨ  ᠤᠶᠠᠯᠳᠤᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ ᠃  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠮᠠᠨ ᠤ ᠪᠠᠯᠭᠠᠰᠤᠨ ᠤ ᠪᠠᠨ ᠡᠯ᠎ᠡ ᠲᠦᠷᠦᠯ ᠤᠨ ᠠᠵᠢᠯ ᠲᠠᠢ ᠤᠶᠠᠯᠳᠤᠭᠤᠯᠵᠤ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠦᠴᠢᠷ ᠪᠡᠷᠭᠡᠰᠢᠶᠡᠯ ᠢ ᠰᠥᠷᠦᠨ ᠤᠷᠤᠭᠰᠢᠯᠠᠵᠤ᠂ ᠢᠷᠡᠭᠡᠳᠦᠢ ᠶᠢᠨ ᠲᠠᠪᠤᠨ ᠵᠢᠯ ᠤᠨ ᠲᠥᠯᠦᠪᠵᠢᠭᠦᠯᠭᠡ ᠪᠠᠷ ᠬᠥᠲᠥᠯᠥᠮᠵᠢ ᠪᠤᠯᠭᠠᠨ᠂  ᠵᠢᠯ ᠤᠨ ᠡᠴᠦᠰ ᠤᠨ ᠠᠵᠢᠯ ᠢᠶᠠᠨ ᠰᠠᠶᠢᠨ ᠬᠢᠵᠦ᠂ ᠳᠠᠷᠠᠭᠠᠴᠢ ᠶᠢᠨ ᠱᠠᠲᠤᠨ ᠤ ᠰᠡᠳᠬᠢᠴᠡ ᠪᠠ ᠠᠷᠭ᠎ᠠ ᠶᠢ ᠭᠦᠨᠵᠡᠭᠡᠢ ᠰᠤᠳᠤᠯᠤᠨ᠂ ᠨᠡᠶᠢᠭᠡᠮ  ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ  ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠬᠡᠪᠡ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号