ᠵᠣᠣ ᠹᠧᠢ ᠫᠧᠩ ᠤᠯᠤᠰ ᠤᠨ ᠬᠢᠨᠠᠨ ᠰᠢᠯᠭᠠᠯᠳᠠ ᠶᠢ ᠤᠭᠲᠤᠬᠤ ᠪᠡᠯᠡᠳᠬᠡᠯ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2022/12/11
   12 ᠰᠠᠷ᠎ᠠ ᠶᠢᠨ 9 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠴᠢᠶᠠᠨ ᠶᠢᠨ ᠭᠧᠦ ᠪᠠᠯᠭᠠᠰᠤᠨ ᠤ ᠰᠢ ᠳ᠋ᠡ ᠵᠢᠩ ᠲᠣᠰᠬᠤᠨ᠂ ᠳ᠋ᠠ ᠭᠧ ᠳ᠋ᠦᠩ ᠲᠣᠰᠬᠤᠨ᠂ ᠰᠠᠨ ᠵᠢᠶᠧ ᠲᠣᠰᠬᠤᠨ᠂ ᠴᠠᠩ ᠱᠧᠩ ᠲᠣᠰᠬᠤᠨ᠂ ᠪᠢ ᠵᠢᠶᠠ ᠭᠧᠦ ᠲᠣᠰᠬᠤᠨ᠂  ᠬᠤᠩ ᠴᠢ ᠪᠠᠯᠭᠠᠰᠤᠨ ᠤ ᠪᠧᠢ ᠵᠢᠶᠠᠨ ᠮᠢᠶᠣᠣ ᠲᠣᠰᠬᠤᠨ᠂  ᠬᠦᠨᠪᠤᠯᠠᠭ ᠰᠤᠮᠤᠨ ᠤ ᠪᠤᠮᠪᠠᠨ ᠭᠠᠴᠠᠭ᠎ᠠ ᠳᠤ ᠬᠦᠷᠴᠦ᠂ ᠤᠯᠤᠰ ᠤᠨ ᠬᠢᠨᠠᠨ ᠰᠢᠯᠭᠠᠯᠳᠠ ᠶᠢ ᠤᠭᠲᠤᠬᠤ  ᠪᠡᠯᠡᠳᠬᠡᠯ ᠠᠵᠢᠯ ᠤᠨ  ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠵᠢᠯᠤᠭᠤᠳᠴᠠᠢ᠃ ᠵᠣᠣ ᠹᠧᠢ ᠫᠧᠩ  ᠂ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ  ᠬᠢᠨᠠᠨ ᠦᠨᠡᠯᠡᠬᠦ ᠠᠵᠢᠯ ᠪᠣᠯ ᠨᠢᠭᠡ ᠤᠳᠠᠭᠠᠨ ᠤ ᠶᠡᠭᠡ ᠰᠢᠯᠭᠠᠯᠲᠠ ᠮᠥᠨ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠡᠷᠬᠡᠪᠰᠢ  ᠦᠨᠡᠯᠡᠨ ᠵᠢᠱᠢᠵᠦ ᠰᠢᠯᠭᠠᠨ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ  ᠰᠠᠶᠢᠨ ᠬᠢᠬᠦ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠴᠡᠭ ᠲᠤ ᠰᠠᠭᠤᠭ᠎ᠠ ᠺᠠᠳ᠋ᠷ᠂  ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠵᠦᠢᠯ ᠤᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠤᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ᠂  ᠠᠵᠠ ᠵᠢᠷᠭᠠᠯ ᠤᠨ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠴᠢᠨᠠᠭᠰᠢᠳᠠ ᠨᠡᠮᠡᠭᠳᠡᠬᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦ ᠲᠠᠯᠪᠢᠵᠤ᠂ ᠡᠷᠦᠬᠡ ᠳᠤ ᠣᠷᠣᠬᠤ᠂ ᠰᠦᠯᠵᠢᠶ᠎ᠡ ᠶᠢ ᠠᠰᠢᠭᠯᠠᠬᠤ ᠵᠡᠷᠭᠡ ᠣᠯᠠᠨ ᠵᠦᠢᠯ ᠤᠨ ᠠᠷᠭ᠎ᠠ  ᠬᠡᠯᠪᠡᠷᠢ ᠪᠠᠷ ᠲᠠᠮᠵᠢᠨ᠂  ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠳᠤ ᠤᠬᠠᠭᠤᠯᠵᠤ᠂ ᠣᠯᠠᠨ ᠲᠦᠮᠡᠨ ᠤ ᠲᠥᠷᠥ ᠶᠢᠨ ᠪᠣᠳᠣᠯᠭ᠎ᠠ  ᠶᠢᠨ ᠬᠠᠷᠠᠭᠠᠯᠵᠠᠯ   ᠢ ᠬᠦᠷᠳᠡᠬᠦ᠂ ᠲᠥᠷᠥ ᠶᠢᠨ ᠪᠣᠳᠣᠯᠭ᠎ᠠ ᠶᠢ ᠣᠶᠢᠯᠠᠭᠠᠵᠤ ᠮᠡᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠠᠩᠰᠠ ᠮᠠᠲ᠋ᠧᠷᠢᠶᠠᠯ ᠢ ᠲᠡᠭᠦᠯᠳᠡᠷᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠲᠠᠰᠤᠷᠠᠯᠲᠠ ᠦᠭᠡᠢ  ᠴᠢᠩᠭᠠᠳᠬᠠᠨ᠂ ᠪᠥᠬᠦ ᠲᠠᠯ᠎ᠠ ᠪᠠᠷ ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ ᠶᠢ ᠬᠦᠴᠦᠷᠭᠡᠭᠵᠢᠬᠦᠯᠵᠦ᠂  ᠲᠡᠭᠡᠭᠰᠢᠯᠡᠯᠳᠡ ᠶᠢ ᠠᠬᠢᠭᠤᠯᠵᠤ᠂ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠵᠦ ᠰᠢᠯᠭᠠᠨ ᠪᠠᠶᠢᠴᠠᠭᠠᠬᠤ ᠶᠢ ᠤᠭᠲᠤᠬᠤ ᠠᠵᠢᠯ ᠢ ᠪᠥᠬᠦ ᠬᠦᠴᠦᠨ ᠢᠶᠠᠷ ᠰᠠᠶᠢᠨ ᠬᠢᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号