ᠬᠦᠨᠪᠤᠯᠠᠭ ᠰᠤᠮᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2022/12/11
   ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ  ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 8  ᠤ ᠡᠳᠦᠷ ᠬᠦᠨᠪᠤᠯᠠᠭ ᠰᠤᠮᠤᠨ ᠤ ᠨᠠᠮ ᠤᠨ  ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢ   2022 ᠣᠨ ᠤ  ᠶᠢᠰᠦᠳᠦᠭᠡᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂  ᠨᠠᠮ ᠤᠨ ᠬᠤᠷᠢᠶᠠᠨ ᠤ ᠱᠦᠵᠢ ᠤᠷᠬᠢᠯ ᠬᠤᠷᠠᠯ ᠢ  ᠡᠷᠬᠢᠯᠡᠨ᠂  ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠤᠯᠠᠨ ᠢᠶᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠤᠨ ᠬᠥᠮᠦᠵᠢᠯ   ᠢ ᠠᠬᠢᠭᠤᠯᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ   ᠢ ᠬᠠᠮᠠᠭᠠᠯᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ   ᠢ  ᠰᠤᠷᠤᠯᠴᠠᠵᠠᠢ᠃ ᠬᠤᠷᠠᠯ   ᠠᠴᠠ᠂  ᠰᠤᠮᠤᠨ ᠤ ᠤᠳᠤᠷᠢᠳᠬᠤ ᠪᠠᠭ ᠤᠨ ᠭᠡᠰᠢᠬᠦᠳ ᠡᠷᠭᠡᠪᠰᠢ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠥᠭᠦᠯᠡᠯᠲᠡ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ᠂ ᠭᠠᠴᠠᠭᠠᠨ ᠳᠤ ᠭᠦᠨᠵᠡᠭᠡᠶᠢᠷᠡᠨ ᠤᠬᠠᠭᠤᠯᠭ᠎ᠠ ᠬᠥᠮᠦᠵᠢᠯ ᠬᠢᠵᠦ᠂  ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠲᠡᠯᠭᠡᠷᠡᠬᠦᠯᠦᠨ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠭᠡᠷ ᠪᠦᠯᠢ ᠶᠢᠨ ᠰᠠᠶᠢᠬᠠᠨ ᠰᠤᠷᠲᠠᠯ ᠢ ᠪᠠᠳᠠᠷᠠᠭᠤᠯᠵᠦ᠂ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠢ ᠴᠢᠬᠤᠯᠠᠴᠢᠯᠠᠨ᠂ ︽ᠭᠡᠷ ᠤᠨ ᠬᠥᠮᠦᠵᠢᠯ ᠢ ᠠᠬᠢᠭᠤᠯᠬᠤ ᠬᠠᠤᠯᠢ︾ ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ ᠪᠠ ᠲᠤᠤᠱᠯᠠᠭᠤᠯᠤᠨ ᠬᠡᠷᠡᠭᠵᠢᠭᠦᠯᠬᠦ ᠶᠢ ᠠᠬᠢᠭᠤᠯᠵᠤ᠂ ᠲᠦᠭ ᠲᠦᠮᠡᠨ ᠭᠡᠷ ᠪᠦᠯᠢ ᠶᠢ ᠤᠯᠤᠰ ᠤᠨ ᠬᠥᠭᠵᠢᠯᠲᠡ᠂ ᠦᠨᠳᠦᠰᠦᠲᠡᠨ ᠤ ᠳᠠᠪᠰᠢᠯᠲᠠ᠂ ᠨᠡᠶᠢᠭᠡᠮ ᠤᠨ ᠡᠶ᠎ᠡ ᠵᠣᠬᠢᠴᠠᠯ ᠤᠨ ᠴᠢᠬᠤᠯᠠ ᠰᠠᠭᠤᠷᠢ ᠴᠡᠭ  ᠪᠤᠯᠭᠠᠬᠤ ᠭᠡᠷᠡᠭᠳᠡᠢ ᠬᠡᠵᠦ  ᠴᠢᠬᠤᠯᠠᠴᠢᠯᠠᠭᠰᠠᠨ ᠪᠠᠶᠢᠨ᠎ᠠ᠃  ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠪᠠᠰᠠ  ᠸᠠᠩ ᠶᠠᠩ ᠨᠥᠬᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ᠶᠠᠷᠢᠯᠴᠠᠬᠤ ᠬᠤᠷᠠᠯ  ᠂ ᠣᠷᠣᠨ ᠨᠤᠲᠤᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢᠶᠠᠨ ᠪᠠᠳᠠᠷᠠᠭᠤᠯᠤᠭᠰᠠᠨ ᠲᠤᠷᠰᠢᠯᠭ᠎ᠠ ᠰᠣᠯᠢᠯᠴᠠᠬᠤ ᠬᠤᠷᠠᠯ ᠳᠡᠭᠡᠷᠡᠬᠢ  ᠶᠠᠷᠢᠶᠠᠨ ᠤ ᠵᠣᠷᠢᠭ ᠰᠠᠨᠠᠭ᠎ᠠ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠳᠠᠬᠢ ᠲᠡᠦᠬᠡ ᠶᠢᠨ ᠨᠢᠭᠡᠳᠦᠭᠡᠷ ᠪᠣᠳᠢ︾ ︵1921 ︱ 1949 ᠣᠨ︶᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠭ᠎ᠠ ᠶᠢᠨ ᠠᠵᠢᠯ ᠤᠨ ᠲᠣᠪᠴᠢ ᠲᠡᠦᠬᠡ︾ ᠶᠢᠨ ᠬᠡᠰᠡᠭ ᠠᠭᠤᠯᠭ᠎ᠠ ᠶᠢ ᠰᠤᠷᠤᠯᠴᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号