ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ 12 | ᠳ᠋ᠤᠭᠠᠷ ᠰᠠᠷ᠎ᠠ ᠶᠢᠨ 7 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠬᠤᠯᠪᠣᠭᠳᠠᠯ | ᠪᠦᠬᠦᠢ ᠪᠠᠶᠢᠳᠠᠯ ᠢ ᠲᠠᠨᠢᠯᠴᠠᠭᠤᠯᠪᠠ᠃ | ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ ᠦᠭᠡᠢ ᠪᠣᠯ ᠡᠪᠡᠳᠴᠢᠨ ᠦᠵᠡᠭᠦᠯᠵᠦ ᠳᠡᠶᠢᠯᠦᠨ᠎ᠡ | ᠦᠦ︖ ᠤᠳᠠᠭᠠᠨ ᠴᠢᠨᠠᠷᠲᠠᠢ ᠡᠪᠡᠳᠴᠢᠨ ᠲᠠᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠵᠦ ᠪᠣᠯᠣᠨ᠎ᠠ ᠦᠦ︖ | ᠬᠠᠮᠲᠤ ᠪᠠᠷ ᠠᠩᠬᠠᠷᠴᠠᠭᠠᠶ᠎ᠠ︕ | ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠠᠬᠤᠢ ᠪᠠᠶᠢᠳᠠᠯ ᠨᠢ ᠶᠠᠭᠤ ᠪᠣᠶ︖ ᠶᠡᠭᠡ | ᠬᠡᠪᠴᠢᠶᠡᠨ ᠤ ᠸᠠᠺᠼᠢᠨ ᠤ ᠲᠠᠷᠢᠯᠭ᠎ᠠ ᠪᠠ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠸᠢᠷᠦ᠋ᠰ ᠤᠨ ᠣᠨᠳᠣᠣᠰᠢᠯ ᠢ | ᠳᠠᠭᠠᠯᠳᠤᠨ᠂ ᠸᠢᠷᠦ᠋ᠰ ᠤᠨ ᠬᠠᠯᠳᠠᠪᠤᠷᠢᠯᠠᠬᠤ ᠴᠢᠳᠠᠪᠤᠷᠢ ᠴᠢᠩᠭᠠᠷᠠᠭᠰᠠᠨ ᠪᠣᠯᠪᠠᠴᠤ ᠡᠪᠡᠳᠴᠢᠯᠡᠭᠦᠯᠬᠦ ᠴᠢᠳᠠᠪᠤᠷᠢ ᠨᠢ | ᠪᠠᠭᠤᠷᠠᠵᠤ᠂ ᠬᠥᠮᠥᠰ ᠲᠤ ᠤᠴᠠᠷᠠᠭᠤᠯᠬᠤ ᠪᠦᠬᠦ᠋ᠢᠯᠡ ᠴᠣᠭᠴᠠ ᠶᠢᠨ ᠡᠷᠡᠭᠦᠯ ᠮᠡᠨᠳᠦ ᠶᠢᠨ ᠠᠶᠤᠯ ᠲᠦᠭᠰᠢᠭᠦᠷᠢ ᠨᠠᠮᠳᠠᠬᠤ | ᠬᠠᠨᠳᠤᠰᠢ ᠲᠠᠢ ᠪᠣᠯᠵᠤ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠢᠨ᠎ᠡ ᠪᠠᠶᠢᠳᠠᠯ | ᠰᠢᠨ᠎ᠡ ᠡᠭᠦᠷᠭᠡ ᠲᠤᠯᠭᠠᠷᠠᠵᠤ ᠪᠠᠶᠢᠨ᠎ᠠ᠃ ᠡᠭᠦᠨ ᠠᠴᠠ ᠡᠮᠦᠨ᠎ᠡ ᠨᠡᠶᠢᠲᠡᠯᠡᠭᠰᠡᠨ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ | ᠬᠡᠮᠵᠢᠶ᠎ᠡ ᠶᠢ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠠ ᠤᠯᠤᠰ ᠤᠨ ᠪᠠᠶᠠᠷ ᠤᠨ ᠠᠮᠠᠷᠠᠯᠲᠠ ᠶᠢᠨ | ᠬᠤᠭᠤᠴᠠᠭᠠᠨ ᠤ ᠲᠥᠰᠥᠯ ᠵᠡᠷᠭᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ | ᠵᠢᠱᠢᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠶᠤᠮ᠃ ᠬᠡᠷᠡᠭᠵᠢᠭᠦᠯᠦᠭᠰᠡᠨ ᠤ ᠳᠠᠷᠠᠭ᠎ᠠ᠂ ᠪᠢᠳᠡ ᠡᠯ᠎ᠡ ᠭᠠᠵᠠᠷ ᠤᠨ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠨᠢᠭᠲᠠ ᠮᠥᠷᠳᠡᠵᠦ᠂ ᠣᠶᠢᠷ᠎ᠠ ᠶᠢᠨ ᠬᠤᠭᠤᠴᠠᠭᠠᠨ ᠳᠠᠬᠢ ᠡᠯ᠎ᠡ ᠭᠠᠵᠠᠷ ᠤᠨ | ᠬᠢᠵᠢᠭ ᠤᠨ ᠪᠠᠶᠢᠳᠠᠯ ᠢ ᠠᠷᠭᠠᠴᠠᠭᠠᠬᠤ ᠶᠠᠪᠤᠴᠠ ᠳᠤ ᠬᠤᠷᠠᠮᠳᠤᠭᠤᠯᠤᠭᠰᠠᠨ ᠲᠤᠷᠰᠢᠯᠭ᠎ᠠ ᠪᠠ ᠲᠤᠯᠭᠠᠷᠠᠵᠤ ᠪᠠᠶᠢᠭ᠎ᠠ | ᠲᠣᠪᠤᠶᠢᠮ᠎ᠠ ᠠᠰᠠᠭᠤᠳᠠᠯ ᠲᠠᠢ ᠤᠶᠠᠯᠳᠤᠭᠤᠯᠤᠨ᠂ ᠴᠢᠭᠯᠡᠯᠲᠦ ᠴᠢᠨᠠᠷᠲᠠᠢ ᠪᠠᠷ ᠠᠷᠪᠠᠨ ᠵᠦᠢᠯ ᠤᠨ ᠰᠢᠯᠢᠳᠡᠭᠵᠢᠭᠦᠯᠬᠦ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ | ᠤᠯᠠᠮ ᠨᠢᠭᠡ ᠠᠯᠬᠤᠮ ᠰᠢᠯᠢᠳᠡᠭᠵᠢᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ ᠳᠤ ᠶᠠᠮᠠᠷ ᠶᠠᠮᠠᠷ ᠲᠠᠯ᠎ᠠ ᠪᠠᠷ | ᠬᠤᠪᠢᠷᠠᠯᠲᠠ ᠲᠠᠢ ᠪᠣᠶ︖ ᠰᠢᠨ᠎ᠡ ᠪᠠᠷ ᠲᠣᠭᠲᠠᠭᠠᠭᠰᠠᠨ ᠠᠷᠪᠠᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠢ ᠣᠯᠠᠨ | ᠲᠦᠮᠡᠨ ᠤ ᠠᠩᠬᠠᠷᠴᠤ ᠪᠠᠶᠢᠭ᠎ᠠ ᠪᠥᠭᠡᠮ ᠬᠦᠴᠢᠯ ᠤᠨ ᠪᠠᠶᠢᠴᠠᠭᠠᠯᠲᠠ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ᠂ ᠨᠢᠭᠲᠠ | ᠣᠶᠢᠷᠠᠲᠤᠭᠰᠠᠳ ᠤᠨ ᠬᠠᠮᠢᠶᠠᠷᠤᠯᠲᠠ᠂ ᠥᠨᠳᠥᠷ ᠳᠡᠰ ᠤᠨ ᠲᠦᠭᠰᠢᠭᠦᠷᠢᠲᠦ ᠣᠷᠣᠨ ᠢ ᠵᠠᠭᠠᠭᠯᠠᠨ ᠲᠣᠭᠲᠠᠭᠠᠵᠤ | ᠪᠢᠲᠡᠭᠦᠮᠵᠢᠯᠡᠨ ᠡᠵᠡᠮᠳᠡᠬᠦ᠂ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠪᠠ ᠣᠯᠠᠨ ᠲᠦᠮᠡᠨ ᠤ ᠡᠪᠡᠳᠴᠢᠨ | ᠦᠵᠡᠭᠦᠯᠵᠦ ᠡᠮ ᠬᠡᠷᠡᠭᠯᠡᠬᠦ ᠶᠢ ᠪᠠᠲᠤᠯᠠᠬᠤ ᠵᠢᠴᠢ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠬᠢᠵᠢᠭ ᠲᠤ ᠬᠤᠯᠪᠣᠭᠳᠠᠭᠰᠠᠨ ᠠᠮᠤᠷ ᠲᠦᠪᠰᠢᠨ ᠤ ᠪᠠᠲᠤᠯᠠᠭ᠎ᠠ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ | ᠠᠯᠬᠤᠮ ᠰᠢᠯᠢᠳᠡᠭᠵᠢᠭᠦᠯᠪᠡ᠃ ᠡᠨᠡ ᠤᠳᠠᠭᠠᠨ ᠤ ᠰᠢᠯᠢᠳᠡᠭᠵᠢᠭᠦᠯᠦᠯᠲᠡ ᠨᠢ ᠪᠦᠷᠢᠮᠦᠰᠦᠨ ᠴᠢᠯᠦᠭᠡᠲᠡᠢ ᠲᠠᠯᠪᠢᠵᠤ | ᠰᠡᠷᠭᠡᠶᠢᠯᠡᠬᠦ ᠦᠭᠡᠢ ᠭᠡᠰᠡᠨ ᠶᠠᠪᠤᠳᠠᠯ ᠪᠢᠰᠢ ᠡᠨᠡ ᠤᠳᠠᠭ᠎ᠠ ᠶᠢᠨ ᠰᠢᠯᠢᠳᠡᠭᠵᠢᠭᠦᠯᠦᠯᠲᠡ ᠨᠢ ᠪᠦᠷᠢᠮᠦᠰᠦᠨ ᠴᠢᠯᠦᠭᠡᠲᠡᠢ | ᠲᠠᠯᠪᠢᠵᠤ ᠰᠡᠷᠭᠡᠶᠢᠯᠡᠬᠦ ᠦᠭᠡᠢ ᠭᠡᠰᠡᠨ ᠶᠠᠪᠤᠳᠠᠯ ᠪᠢᠰᠢ᠂ ᠰᠠᠨᠠᠭᠠᠴᠢᠯᠠᠭ᠎ᠠ ᠲᠠᠢ ᠪᠠᠷ ᠰᠢᠯᠢᠳᠡᠭᠵᠢᠭᠦᠯᠦᠭᠰᠡᠨ ᠠᠴᠠ ᠪᠢᠰᠢ | ᠰᠠᠨᠠᠭᠠᠴᠢᠯᠠᠭ᠎ᠠ ᠦᠭᠡᠢ ᠰᠢᠯᠢᠳᠡᠭᠵᠢᠭᠦᠯᠦᠭᠰᠡᠨ ᠪᠢᠰᠢ᠃ ᠣᠳᠣᠬᠠᠨ ᠳᠤ ᠮᠠᠨ ᠤ ᠤᠯᠤᠰ ᠲᠤ ᠳᠡᠯᠭᠡᠷᠡᠵᠦ ᠪᠠᠶᠢᠭ᠎ᠠ | ᠣᠨᠳᠣᠣᠰᠢᠭᠰᠠᠨ ᠸᠢᠷᠦ᠋ᠰ ᠤᠨ ᠣᠨᠴᠠᠯᠢᠭ᠂ ᠬᠢᠵᠢᠭ ᠤᠨ ᠪᠠᠶᠢᠳᠠᠯ ᠤᠨ ᠳᠡᠯᠭᠡᠷᠡᠯᠲᠡ ᠶᠢᠨ ᠣᠨᠴᠠᠯᠢᠭ ᠲᠤ ᠴᠢᠭᠯᠡᠭᠦᠯᠦᠨ᠂ | ᠬᠢᠵᠢᠭ ᠤᠨ ᠪᠠᠶᠢᠳᠠᠯ ᠢ ᠬᠥᠳᠡᠯᠦᠩᠭᠦᠢ ᠪᠠᠷ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ᠂ ᠤᠳᠤ ᠶᠢᠨ ᠬᠡᠷᠡᠭᠵᠢᠭᠦᠯᠵᠦ | ᠪᠠᠶᠢᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠶᠢ ᠦᠨᠡᠯᠡᠬᠦ᠂ ᠢᠯᠠᠩᠭᠤᠶ᠎ᠠ ᠬᠤᠷᠢᠨ ᠵᠤᠷᠪᠤᠰ ᠢ | ᠬᠡᠷᠡᠭᠵᠢᠭᠦᠯᠦᠭᠰᠡᠨ ᠤ ᠲᠠᠷᠠᠭ᠎ᠠ᠂ ᠣᠷᠣᠨ ᠨᠤᠲᠤᠭ ᠤᠨ ᠠᠰᠢᠭᠲᠠᠢ ᠲᠤᠷᠰᠢᠯᠭ᠎ᠠ ᠪᠠ ᠣᠷᠣᠰᠢᠵᠤ ᠪᠠᠶᠢᠭ᠎ᠠ ᠠᠰᠠᠭᠤᠳᠠᠯ ᠢ | ᠡᠮᠬᠢᠯᠡᠨ ᠳ᠋ᠦᠩᠨᠡᠬᠦ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠲᠣᠭᠲᠠᠭᠠᠭᠰᠠᠨ ᠶᠤᠮ᠃ ᠰᠢᠨ᠎ᠡ | ᠲᠢᠲᠢᠮᠯᠢᠭ ᠡᠪᠡᠳᠴᠢᠲᠡᠨ ᠳᠤ ᠶᠠᠮᠠᠷ ᠶᠠᠮᠠᠷ ᠡᠮᠴᠢᠯᠡᠭᠡᠨ ᠤ ᠠᠷᠭ᠎ᠠ ᠪᠠᠷᠢᠯ ᠪᠠᠶᠢᠬᠤ ᠪᠣᠢ︖ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠳ ᠢ ᠡᠩ ᠲᠡᠷᠢᠭᠦᠨ ᠳᠤ ᠡᠪᠡᠳᠴᠢᠨ ᠳᠤ ᠨᠢ ᠲᠠᠭᠠᠷᠠᠭᠤᠯᠵᠤ ᠡᠮᠨᠡᠨ ᠵᠠᠰᠠᠬᠤ ᠬᠡᠷᠡᠭᠲᠡᠢ᠃ | ᠨᠢᠭᠡᠳᠦᠭᠡᠷ ᠲᠤ᠂ ᠵᠠᠷᠢᠮ ᠡᠪᠡᠳᠴᠢᠲᠡᠨ ᠬᠠᠯᠠᠭᠤᠷᠠᠬᠤ᠂ ᠬᠤᠭᠤᠯᠠᠢ ᠡᠪᠡᠳᠬᠦ᠂ ᠬᠠᠨᠢᠶᠠᠯᠭᠠᠬᠤ ᠵᠡᠷᠭᠡ ᠡᠪᠡᠳᠴᠢᠨ ᠤ ᠢᠯᠡᠷᠡᠯ | ᠭᠠᠷᠪᠠᠯ᠂ ᠭᠤᠣᠯᠳᠠᠭᠤ ᠡᠪᠡᠳᠴᠢᠨ ᠳᠤ ᠨᠢ ᠲᠠᠭᠠᠷᠠᠭᠤᠯᠵᠤ ᠡᠮᠨᠡᠨ ᠵᠠᠰᠠᠨ᠎ᠠ᠂ ᠵᠢᠱᠢᠶᠡᠯᠡᠪᠡᠯ ᠵᠠᠷᠢᠮ ᠬᠠᠯᠠᠭᠤᠨ ᠢ | ᠪᠠᠭᠤᠷᠠᠭᠤᠯᠬᠤ ᠡᠮ᠂ ᠪᠠᠰᠠ ᠵᠠᠷᠢᠮ ᠬᠠᠨᠢᠶᠠᠳᠤ ᠶᠢ ᠵᠣᠭᠰᠣᠭᠠᠵᠤ ᠴᠡᠷ ᠢ ᠠᠷᠢᠯᠭᠠᠬᠤ ᠡᠮ ᠥᠭᠭᠦᠨ᠎ᠡ᠃ ᠬᠤᠶᠠᠳᠤᠭᠠᠷ ᠲᠤ᠂ | ᠸᠢᠷᠦ᠋ᠰ ᠢ ᠡᠰᠡᠷᠭᠦᠴᠡᠬᠦ ᠡᠮ᠂ ᠡᠩ ᠤᠨ ᠬᠡᠯᠪᠡᠷᠢ ᠶᠢᠨ ᠪᠤᠶᠤ ᠬᠦᠨᠳᠦᠷᠡᠬᠦ ᠪᠣᠯᠣᠮᠵᠢ ᠲᠠᠢ ᠲᠦᠭᠰᠢᠭᠦᠷᠢ ᠶᠢᠨ ᠬᠦᠴᠦᠨ ᠵᠦᠢᠯ | ᠪᠠᠶᠢᠬᠤ ᠡᠪᠡᠳᠴᠢᠲᠡᠨ ᠳᠤ ᠸᠢᠷᠦ᠋ᠰ ᠢ ᠡᠰᠡᠷᠭᠦᠴᠡᠬᠦ ᠡᠮᠴᠢᠯᠡᠭᠡ ᠶᠢ ᠡᠷᠲᠡᠬᠡᠨ ᠬᠢᠵᠦ᠂ ᠡᠪᠡᠳᠴᠢᠨ ᠨᠢ ᠬᠦᠨᠳᠦᠷᠡᠬᠦ | ᠬᠤᠪᠢᠷᠠᠯᠲᠠ ᠶᠢ ᠪᠠᠭᠠᠰᠬᠠᠨ᠎ᠠ᠃ ᠭᠡᠪᠡᠴᠦ ᠸᠢᠷᠦ᠋ᠰ ᠢ ᠡᠰᠡᠷᠭᠦᠴᠡᠬᠦ ᠡᠮ ᠢ ᠵᠠᠪᠠᠯ ᠡᠮᠴᠢ ᠶᠢᠨ ᠵᠢᠯᠣᠭᠤᠳᠤᠯᠭ᠎ᠠ ᠳᠣᠣᠷ᠎ᠠ | ᠤᠤᠭᠤᠬᠤ ᠬᠡᠷᠡᠭᠲᠡᠢ᠃ ᠭᠤᠷᠪᠠᠳᠤᠭᠠᠷ ᠲᠤ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠵᠤ᠂ ᠬᠢᠲᠠᠳ ᠡᠸᠦ᠋ᠷᠦᠫᠡ | ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠨᠢ ᠮᠠᠰᠢ ᠴᠢᠬᠤᠯᠠ ᠶᠤᠮ᠃ ᠬᠢᠲᠠᠳ ᠡᠮ ᠨᠢ ᠸᠢᠷᠦ᠋ᠰ ᠤᠨ ᠴᠢᠨᠠᠷᠲᠠᠢ | ᠬᠠᠯᠳᠠᠪᠤᠷᠢᠯᠠᠯ ᠢ ᠡᠮᠨᠡᠨ ᠵᠠᠰᠠᠬᠤ ᠶᠠᠪᠤᠴᠠ ᠳᠤ ᠣᠨᠴᠠᠭᠠᠶ ᠳᠠᠪᠠᠭᠤᠯᠢᠭ ᠲᠠᠯ᠎ᠠ ᠲᠠᠢ ᠪᠠᠶᠢᠵᠤ᠂ ᠣᠳᠣᠬᠠᠨ ᠳᠤ ᠵᠠᠷᠢᠮ ᠬᠢᠲᠠᠳ | ᠡᠮᠨᠡᠯᠭᠡ ᠬᠢᠲᠠᠳ ᠡᠮ ᠢᠶᠠᠷ ᠡᠮᠨᠡᠨ ᠵᠠᠰᠠᠬᠤ ᠨᠢ ᠨᠢᠭᠡᠨ ᠮᠠᠰᠢ ᠰᠠᠶᠢᠨ ᠰᠣᠩᠭᠤᠯᠲᠠ ᠪᠣᠯᠣᠨ᠎ᠠ᠃ ᠳᠥᠷᠪᠡᠳᠦᠭᠡᠷ ᠲᠤ᠂ | ᠡᠮᠴᠢᠯᠡᠭᠡᠨ ᠤ ᠶᠠᠪᠤᠴᠠ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠪᠠ ᠰᠠᠭᠤᠷᠢ ᠴᠢᠨᠠᠷᠲᠠᠢ | ᠡᠪᠡᠳᠴᠢᠨ ᠢ ᠡᠮᠨᠡᠨ ᠵᠠᠰᠠᠬᠤ ᠶᠢ ᠬᠠᠮᠲᠤ ᠲᠤ ᠨᠢ ᠬᠠᠷᠠᠭᠠᠯᠵᠠᠬᠤ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠬᠠᠯᠳᠠᠪᠤᠷᠢᠯᠠᠭᠳᠠᠭᠰᠠᠨ ᠠᠴᠠ ᠪᠣᠯᠵᠤ ᠰᠠᠭᠤᠷᠢ ᠴᠢᠨᠠᠷᠲᠠᠢ ᠡᠪᠡᠳᠴᠢᠨ ᠤ ᠡᠮ ᠬᠡᠷᠡᠭᠯᠡᠬᠦ ᠶᠢ ᠵᠣᠭᠰᠣᠭᠠᠵᠤ | ᠪᠣᠯᠬᠤ ᠦᠭᠡᠢ᠂ ᠵᠢᠱᠢᠶᠡᠯᠡᠪᠡᠯ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠵᠡᠷᠭᠡ ᠡᠪᠡᠳᠴᠢᠲᠡᠨ ᠤ ᠡᠳᠦᠷ | ᠲᠤᠲᠤᠮ ᠤᠨ ᠡᠮᠴᠢᠯᠡᠭᠡ ᠶᠢ ᠲᠠᠰᠤᠯᠳᠠᠭᠤᠯᠵᠤ ᠪᠣᠯᠬᠤ ᠦᠭᠡᠢ᠃ ᠡᠶᠢᠮᠦ ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠡᠮᠨᠡᠨ ᠵᠠᠰᠠᠬᠤ ᠶᠢᠨ ᠬᠠᠮᠲᠤ ᠪᠠᠰᠠ ᠰᠠᠭᠤᠷᠢ ᠴᠢᠨᠠᠷᠲᠠᠢ ᠡᠪᠡᠳᠴᠢᠨ ᠢ ᠦᠷᠭᠦᠯᠵᠢᠯᠡᠨ ᠡᠮᠨᠡᠨ ᠵᠠᠰᠠᠬᠤ ᠶᠢ ᠣᠨᠴᠠᠭᠠᠶᠢᠯᠠᠨ | ᠠᠩᠬᠠᠷᠬᠤ ᠬᠡᠷᠡᠭᠲᠡᠢ᠃ ᠡᠮ ᠤᠨ ᠵᠦᠢᠯ ᠢ ᠬᠠᠳᠠᠭᠠᠯᠠᠬᠤ ᠪᠠ ᠪᠤᠯᠢᠶᠠᠯᠳᠤᠨ ᠬᠤᠳᠠᠯᠳᠤᠵᠤ ᠠᠪᠬᠤ ᠴᠢᠬᠤᠯᠠ ᠦᠭᠡᠢ ᠪᠢᠳᠡ | ᠨᠢᠭᠡᠨᠲᠡ ᠰᠢᠶᠠᠨ ᠤ ᠱᠠᠲᠤᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢ ᠬᠢᠲᠠᠳ ᠡᠮ᠂ ᠡᠸᠦ᠋ᠷᠦᠫᠡ ᠡᠮ ᠵᠡᠷᠭᠡ | ᠡᠮ ᠤᠨ ᠵᠦᠢᠯ᠂ ᠠᠨᠲ᠋ᠢᠭ᠍ᠸᠡ ᠤ ᠤᠷᠪᠠᠯᠵᠢ ᠶᠢ ᠪᠠᠭᠲᠠᠭᠠᠭᠰᠠᠨ ᠡᠳᠡᠭᠡᠷ ᠡᠪᠡᠳᠴᠢᠨ ᠳᠤ ᠨᠢ ᠲᠠᠭᠠᠷᠠᠭᠤᠯᠵᠤ ᠡᠮᠨᠡᠨ ᠵᠠᠰᠠᠬᠤ | ᠡᠮ ᠵᠢᠴᠢ ᠸᠢᠷᠦ᠋ᠰ ᠢ ᠡᠰᠡᠷᠭᠦᠴᠡᠬᠦ ᠡᠮ ᠵᠡᠷᠭᠡ ᠶᠢ ᠪᠡᠯᠡᠳᠬᠡᠬᠦ ᠶᠢ ᠴᠢᠩᠭᠠᠳᠬᠠᠵᠤ᠂ ᠵᠣᠬᠢᠬᠤ ᠬᠡᠮᠵᠢᠶᠡᠨ ᠤ ᠪᠡᠯᠡᠳᠬᠡᠯ ᠬᠢᠬᠦ | ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠡᠭᠦᠨ ᠤ ᠬᠠᠮᠲᠤ᠂ ᠱᠠᠲᠤ ᠲᠥᠷᠥᠯ ᠬᠤᠪᠢᠶᠠᠵᠤ ᠡᠮᠨᠡᠨ ᠵᠠᠰᠠᠬᠤ ᠪᠠᠷ ᠳᠡᠮᠵᠢᠨ᠂ ᠮᠠᠰᠢ ᠣᠯᠠᠨ ᠬᠠᠯᠳᠠᠪᠤᠷᠢᠯᠠᠭᠰᠠᠳ | ᠭᠡᠷ ᠲᠤ ᠪᠠᠨ ᠰᠠᠭᠤᠵᠤ ᠡᠮᠨᠡᠨ ᠵᠠᠰᠠᠬᠤ ᠠᠷᠭ᠎ᠠ ᠮᠠᠶ᠋ᠢᠭ ᠢ ᠰᠣᠩᠭᠤᠬᠤ ᠪᠣᠯᠣᠨ᠎ᠠ᠃ ᠡᠶᠢᠮᠦ ᠠᠴᠠ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ᠂ ᠡᠮ ᠤᠨ ᠵᠢᠵᠢᠭᠯᠡᠨ ᠬᠤᠳᠠᠯᠳᠤᠬᠤ ᠲᠣᠣᠷ ᠴᠡᠭ ᠵᠡᠷᠭᠡ ᠴᠦ ᠵᠣᠬᠢᠬᠤ ᠪᠡᠯᠡᠳᠬᠡᠯ ᠬᠢᠵᠦ᠂ | ᠡᠮ ᠤᠨ ᠵᠦᠢᠯ ᠤᠨ ᠪᠣᠯᠣᠮᠵᠢᠲᠤ ᠴᠢᠨᠠᠷ ᠢ ᠪᠠᠲᠤᠯᠠᠬᠤ ᠬᠡᠷᠡᠭᠲᠡᠢ᠃ ᠪᠢᠳᠡ ᠪᠠᠰᠠ ᠣᠯᠠᠨ ᠵᠦᠢᠯ ᠤᠨ ᠠᠷᠭ᠎ᠠ ᠪᠠᠷ ᠡᠳᠡᠭᠡᠷ | ᠡᠮ ᠢ ᠬᠡᠷᠬᠢᠨ ᠬᠡᠷᠡᠭᠯᠡᠬᠦ᠂ ᠵᠢᠴᠢ ᠠᠨᠲ᠋ᠢᠭ᠍ᠸᠡ ᠤ ᠤᠷᠪᠠᠯᠵᠢ ᠶᠢ ᠬᠡᠷᠬᠢᠨ ᠬᠡᠷᠡᠭᠯᠡᠬᠦ ᠶᠢ ᠣᠯᠠᠨ ᠳᠤ ᠮᠡᠳᠡᠭᠦᠯᠵᠦ᠂ ᠡᠮ ᠬᠡᠷᠡᠭᠯᠡᠬᠦ | ᠠᠶᠤᠯ ᠦᠭᠡᠢ ᠪᠠᠶᠢᠬᠤ ᠶᠢ ᠪᠠᠲᠤᠯᠠᠨ᠎ᠠ᠃ ᠡᠮ ᠤᠨ ᠵᠦᠢᠯ ᠢ ᠬᠤᠷᠠᠮᠳᠤᠭᠤᠯᠤᠨ ᠬᠠᠳᠠᠭᠠᠯᠠᠬᠤ ᠪᠠ ᠪᠤᠯᠢᠶᠠᠯᠳᠤᠨ | ᠬᠤᠳᠠᠯᠳᠤᠵᠤ ᠠᠪᠬᠤ ᠴᠢᠬᠤᠯᠠ ᠦᠭᠡᠢ᠃ ᠪᠦᠬᠦ᠋ᠢᠯᠡ ᠠᠵᠢᠯ ᠤᠨ ᠪᠠᠶᠢᠷᠢᠯᠠᠭᠤᠯᠤᠯᠲᠠ ᠶᠢ ᠳᠠᠭᠠᠯᠳᠤᠨ᠂ ᠡᠮ ᠤᠨ | ᠵᠦᠢᠯ ᠤᠨ ᠪᠣᠷᠤᠯᠠᠭᠤᠯᠭ᠎ᠠ ᠶᠢᠨ ᠲᠣᠣᠷ ᠴᠡᠭ ᠲᠤ ᠭᠡᠰᠡᠨ ᠦᠭᠡᠢ᠂ ᠡᠮᠴᠢᠯᠡᠭᠡᠨ ᠤ ᠪᠠᠶᠢᠭᠤᠯᠤᠮᠵᠢ ᠳᠤ ᠭᠡᠰᠡᠨ ᠦᠭᠡᠢ᠂ | ᠡᠲᠡᠭᠡᠷ ᠡᠮ ᠤᠨ ᠵᠦᠢᠯ ᠭᠦᠢᠴᠡᠳ ᠪᠠᠶᠢᠨ᠎ᠠ᠃ | ᠬᠠᠯᠠᠭᠤᠷᠠᠯ ᠤᠨ ᠡᠭᠦᠳᠡᠨ ᠡᠮᠨᠡᠯᠭᠡ ᠶᠢᠨ ᠡᠮᠴᠢᠯᠡᠭᠡ ᠶᠢ ᠭᠥᠯᠢᠶᠡᠨ ᠠᠪᠬᠤ ᠠᠯᠬᠤᠮ ᠳᠠᠷᠠᠭ᠎ᠠ ᠨᠢ ᠶᠠᠮᠠᠷ ᠪᠣᠢ︖ | ᠡᠪᠡᠳᠴᠢᠲᠡᠨ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠬᠦ ᠳᠤ ᠬᠦᠷᠪᠡᠯ᠂ ᠡᠮᠴᠢ ᠠᠴᠠ ᠡᠪᠡᠳᠴᠢᠨ ᠤ | ᠲᠡᠦᠬᠡ᠂ ᠣᠨᠴᠠᠭᠠᠶᠢᠯᠠᠨ ᠡᠪᠡᠳᠴᠢᠨ ᠤ ᠪᠠᠶᠢᠳᠠᠯ᠂ ᠡᠪᠡᠳᠴᠢᠨ ᠤ ᠶᠠᠪᠤᠴᠠ ᠶᠢ ᠠᠰᠠᠭᠤᠬᠤ ᠶᠢᠨ ᠬᠠᠮᠲᠤ ᠴᠢᠰᠤᠨ ᠤ | ᠪᠠᠶᠢᠴᠠᠭᠠᠯᠲᠠ᠂ ᠡᠪᠡᠳᠴᠢᠨ ᠡᠭᠦᠰᠬᠡᠭᠴᠢ ᠶᠢᠨ ᠤᠬᠠᠭᠠᠨ ᠤ ᠪᠠᠶᠢᠴᠠᠭᠠᠯᠲᠠ ᠵᠡᠷᠭᠡ ᠶᠢ ᠪᠠᠭᠲᠠᠭᠠᠭᠰᠠᠨ ᠠᠨᠠᠭᠠᠬᠤ ᠤᠬᠠᠭᠠᠨ ᠤ | ᠪᠠᠶᠢᠴᠠᠭᠠᠯᠲᠠ ᠬᠢᠨ᠎ᠡ᠃ ᠡᠳᠡᠭᠡᠷ ᠪᠠᠶᠢᠴᠠᠭᠠᠯᠲᠠ ᠪᠠᠷ ᠳᠠᠮᠵᠢᠨ ᠡᠮᠴᠢ ᠠᠴᠠ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠳ ᠶᠤᠮ ᠦᠦ ᠡᠰᠡᠬᠦᠯ᠎ᠡ ᠪᠤᠰᠤᠳ ᠡᠪᠡᠳᠴᠢᠨ ᠶᠤᠮ ᠦᠦ ᠭᠡᠳᠡᠭ ᠢ ᠮᠠᠭᠠᠳᠯᠠᠨ ᠣᠨᠣᠰᠢᠯᠠᠨ᠎ᠠ᠃ | ᠡᠭᠦᠨ ᠤ ᠬᠠᠮᠲᠤ᠂ ᠬᠠᠯᠠᠭᠤᠷᠠᠯ ᠤᠨ ᠡᠭᠦᠳᠡᠨ ᠡᠮᠨᠡᠯᠭᠡ ᠳᠤ ᠠᠩᠬᠠᠨ ᠤ ᠡᠮᠴᠢᠯᠡᠭᠡᠨ ᠤ ᠡᠮᠴᠢ ᠶᠢᠨ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠬᠦ ᠶᠢ ᠱᠠᠭᠠᠷᠳᠠᠨ᠎ᠠ᠃ ᠡᠶᠢᠮᠦ ᠠᠴᠠ ᠡᠪᠡᠳᠴᠢᠲᠡᠨ ᠢ ᠰᠢᠯᠵᠢᠭᠦᠯᠦᠨ ᠡᠮᠨᠡᠭᠦᠯᠬᠦ᠂ ᠠᠯᠢ ᠠᠯᠢ ᠰᠠᠯᠠᠭ᠎ᠠ | ᠲᠠᠰᠤᠭ ᠲᠤ ᠰᠢᠯᠵᠢᠭᠦᠯᠬᠦ᠂ ᠠᠯᠢ ᠠᠯᠢ ᠭᠠᠵᠠᠷ ᠲᠤ ᠤᠯᠠᠮ ᠨᠢᠭᠡ ᠠᠯᠬᠤᠮ ᠡᠮᠨᠡᠭᠦᠯᠬᠦ ᠳᠤ ᠪᠦᠷ ᠠᠯᠢ ᠣᠯᠠᠨ | ᠲᠣᠬᠢᠷᠠᠭᠤᠯᠤᠯᠲᠠ ᠲᠠᠢ ᠪᠠᠶᠢᠳᠠᠭ᠃ ᠡᠭᠦᠨ ᠤ ᠬᠠᠮᠲᠤ᠂ ᠡᠪᠡᠳᠴᠢᠲᠡᠨ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ | ᠡᠮᠨᠡᠭᠦᠯᠬᠦ ᠶᠠᠪᠤᠴᠠ ᠳᠤ ᠪᠠᠨ ᠠᠮᠠᠪᠴᠢ ᠪᠠᠨ ᠰᠠᠶᠢᠲᠤᠷ ᠵᠡᠭᠦᠵᠦ᠂ ᠡᠮᠨᠡᠯᠭᠡ ᠶᠢᠨ ᠬᠤᠷᠢᠶᠠᠨ ᠤ ᠠᠵᠢᠯ ᠤᠨ ᠠᠯᠬᠤᠮ | ᠳᠠᠷᠠᠭ᠎ᠠ ᠪᠠᠷ ᠡᠪᠡᠳᠴᠢᠨ ᠢᠶᠠᠨ ᠦᠵᠡᠭᠦᠯᠵᠦ ᠡᠮᠨᠡᠭᠦᠯᠬᠦ ᠬᠡᠷᠡᠭᠲᠡᠢ᠃ ᠪᠠᠰᠠ ᠬᠠᠯᠠᠭᠤᠷᠠᠯ ᠤᠨ ᠡᠭᠦᠳᠡᠨ ᠡᠮᠨᠡᠯᠭᠡ ᠳᠤ ᠪᠤᠰᠤᠳ | ᠬᠥᠮᠥᠨ ᠲᠠᠢ ᠴᠤᠭᠯᠠᠷᠠᠬᠤ ᠪᠠ ᠣᠶᠢᠷᠠᠳᠬᠤ ᠠᠴᠠ ᠵᠠᠶᠢᠯᠠᠰᠬᠢᠵᠦ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠢ | ᠪᠠᠭᠠᠰᠬᠠᠬᠤ ᠬᠡᠷᠡᠭᠲᠡᠢ᠃ ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠦᠢᠯ ᠤᠨ ᠠᠮᠤᠷ ᠲᠦᠪᠰᠢᠨ | ᠪᠠᠶᠢᠵᠤ᠂ ᠲᠠᠷᠢᠯᠭ᠎ᠠ ᠬᠢᠭᠰᠡᠨ ᠤ ᠳᠠᠷᠠᠭ᠎ᠠ ᠣᠯᠬᠤ ᠠᠰᠢᠭ ᠲᠤᠰᠠ ᠨᠢ ᠠᠶᠤᠯ ᠲᠦᠭᠰᠢᠭᠦᠷᠢ ᠠᠴᠠ ᠬᠤᠯᠠ ᠶᠡᠭᠡ ᠪᠠᠶᠢᠳᠠᠭ | ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠮᠠᠨ ᠤ ᠤᠯᠤᠰ ᠤᠨ ᠨᠢᠭᠡᠨᠲᠡ ᠳᠠᠷᠢᠭᠰᠠᠨ | 34 ᠳ᠋ᠦᠩᠰᠢᠭᠤᠷ ᠭᠠᠷᠤᠢ ᠲᠠᠷᠢᠯᠭ᠎ᠠ᠂ 13 ᠳ᠋ᠦᠩᠰᠢᠭᠤᠷ ᠭᠠᠷᠤᠢ ᠬᠥᠮᠥᠨ ᠤ ᠡᠷᠡᠭᠦᠯ ᠪᠤᠰᠤ ᠲᠤᠰᠬᠠᠯ ᠤᠨ ᠬᠢᠨᠠᠨ | ᠰᠢᠨᠵᠢᠯᠡᠯᠲᠡ ᠬᠢᠭᠡᠳ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠡᠷᠡᠭᠦᠯ | ᠪᠤᠰᠤ ᠲᠤᠰᠬᠠᠯ ᠤᠨ ᠡᠭᠦᠰᠬᠦ ᠨᠣᠷᠮ᠎ᠠ ᠨᠢ ᠮᠠᠨ ᠤ ᠵᠢᠯ ᠲᠤᠷᠰᠢ ᠳᠠᠷᠢᠳᠠᠭ ᠪᠤᠰᠤᠳ ᠵᠠᠷᠢᠮ ᠸᠠᠺᠼᠢᠨ ᠤ ᠬᠢ ᠲᠠᠢ ᠠᠳᠠᠯᠢ | ᠪᠥᠭᠡᠳ ᠨᠠᠰᠤᠲᠠᠶᠢᠴᠤᠳ ᠤᠨ ᠡᠷᠡᠭᠦᠯ ᠪᠤᠰᠤ ᠲᠤᠰᠬᠠᠯ ᠤᠨ ᠡᠭᠦᠰᠬᠦ ᠨᠣᠷᠮ᠎ᠠ ᠨᠢ ᠵᠠᠯᠠᠭᠤ ᠬᠥᠮᠥᠰ ᠤᠨ ᠬᠢ ᠠᠴᠠ ᠵᠢᠭᠠᠬᠠᠨ | ᠳᠣᠣᠷ᠎ᠠ ᠪᠠᠶᠢᠳᠠᠭ᠃ ᠣᠳᠣᠬᠠᠨ ᠳᠤ᠂ ᠮᠠᠨ ᠤ ᠤᠯᠤᠰ ᠨᠢᠭᠡᠨᠲᠡ ᠪᠥᠬᠦ ᠳᠡᠯᠡᠬᠡᠢ ᠶᠢᠨ 120 ᠭᠠᠷᠤᠢ ᠤᠯᠤᠰ ᠪᠠ ᠣᠯᠠᠨ | ᠤᠯᠤᠰ ᠤᠨ ᠵᠣᠬᠢᠶᠠᠨ ᠪᠠᠶᠢᠭᠤᠯᠤᠯᠲᠠ ᠳᠤ ᠨᠡᠶᠢᠲᠡ 22 ᠳ᠋ᠦᠩᠰᠢᠭᠤᠷ ᠭᠠᠷᠤᠢ ᠲᠠᠷᠢᠯᠭ᠎ᠠ ᠶᠢᠨ ᠸᠠᠺᠼᠢᠨ ᠢ ᠬᠠᠩᠭᠠᠭᠰᠠᠨ | ᠪᠠᠶᠢᠨ᠎ᠠ᠃ ᠮᠡᠳᠡᠭᠡᠯᠡᠯ ᠠᠴᠠ ᠦᠵᠡᠪᠡᠯ᠂ 30 ᠭᠠᠷᠤᠢ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠡᠷᠢᠭᠦᠨ᠂ | ᠵᠠᠰᠠᠭ ᠤᠨ ᠣᠷᠳᠣᠨ ᠤ ᠲᠤᠰᠢᠶᠠᠯᠲᠠᠨ ᠲᠦᠷᠦᠭᠦᠯᠡᠨ ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠶᠢ ᠬᠢᠪᠡ᠃ ᠮᠠᠨ ᠤ ᠪᠦᠷᠢᠨ ᠪᠤᠰᠤ ᠪᠦᠷᠢᠳᠬᠡᠯ ᠠᠴᠠ ᠦᠵᠡᠪᠡᠯ᠂ ᠪᠥᠬᠦ ᠳᠡᠯᠡᠬᠡᠢ ᠳᠤ ᠣᠲᠣ ᠪᠣᠯᠲᠠᠯ᠎ᠠ᠂ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ | ᠳᠠᠷᠢᠭᠰᠠᠨ ᠨᠢ ᠨᠢᠭᠡᠨᠲᠡ 10 ᠳ᠋ᠦᠩᠰᠢᠭᠤᠷ ᠢ ᠳᠠᠪᠠᠵᠤ᠂ ᠴᠥᠮ ᠲᠦᠢᠯ ᠤᠨ ᠠᠮᠤᠷ ᠲᠦᠪᠰᠢᠨ ᠪᠠᠶᠢᠳᠠᠭ᠃ ᠨᠠᠮ ᠪᠣᠯᠣᠨ | ᠲᠥᠷᠥ ᠶᠢᠨ ᠣᠳᠣ ᠶᠢᠨ ᠲᠤᠰᠢᠶᠠᠯ ᠳᠤ ᠪᠠᠶᠢᠭ᠎ᠠ ᠤᠳᠤᠷᠢᠳᠬᠤ ᠬᠥᠮᠥᠰ ᠴᠥᠮ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠢ ᠳᠠᠷᠢᠭᠰᠠᠨ ᠪᠥᠭᠡᠳ ᠡᠩ ᠤᠨ ᠠᠷᠠᠳ ᠢᠷᠭᠡᠳ ᠲᠠᠢ ᠠᠳᠠᠯᠢᠬᠠᠨ ᠤᠯᠤᠰ ᠲᠤ ᠪᠠᠨ ᠦᠢᠯᠡᠳᠪᠦᠷᠢᠯᠡᠭᠰᠡᠨ ᠰᠢᠨ᠎ᠡ | ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠰᠠᠨ ᠪᠠᠶᠢᠨ᠎ᠠ᠃ ᠤᠳᠠᠭᠠᠨ ᠴᠢᠨᠠᠷᠲᠠᠢ ᠡᠪᠡᠳᠴᠢᠨ ᠪᠣᠯ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢᠨ ᠲᠠᠰᠤ ᠴᠡᠭᠡᠷᠯᠡᠯ ᠪᠢᠰᠢ ᠵᠠᠷᠢᠮ ᠨᠠᠰᠤᠲᠠᠶᠢᠴᠤᠳ ᠰᠢᠬᠢᠷ ᠰᠢᠵᠢᠩ ᠡᠪᠡᠳᠴᠢᠨ | ᠂ ᠴᠢᠰᠤᠨ ᠳᠠᠷᠤᠯᠲᠠ ᠥᠨᠳᠥᠷ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠵᠦ᠂ ᠵᠠᠷᠢᠮ ᠲᠠᠯ᠎ᠠ ᠪᠠᠷ | ᠰᠠᠨᠠᠭᠠᠰᠢᠷᠠᠵᠤ ᠪᠠᠶᠢᠨ᠎ᠠ᠃ ᠡᠲᠡᠭᠡᠷ ᠤᠳᠠᠭᠠᠨ ᠴᠢᠨᠠᠷᠲᠠᠢ ᠡᠪᠡᠳᠴᠢᠨ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠬᠢᠬᠦ ᠶᠢᠨ ᠲᠠᠰᠤ ᠴᠡᠭᠡᠷᠯᠡᠯ ᠪᠢᠰᠢ᠂ ᠡᠲᠡᠭᠡᠷ ᠤᠳᠠᠭᠠᠨ ᠴᠢᠨᠠᠷᠲᠠᠢ ᠡᠪᠡᠳᠴᠢᠨ ᠢ ᠰᠠᠶᠢᠲᠤᠷ ᠡᠵᠡᠮᠳᠡᠵᠦ᠂ | ᠲᠣᠭᠲᠠᠭᠤᠨ ᠪᠠᠶᠢᠳᠠᠯ ᠳᠤ ᠪᠠᠶᠢᠯᠭᠠᠳᠠᠭ ᠯᠠ ᠶᠤᠮ ᠪᠣᠯ ᠴᠥᠮ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ | ᠬᠢᠵᠦ ᠪᠣᠯᠣᠨ᠎ᠠ ᠭᠡᠳᠡᠭ ᠢ ᠣᠯᠠᠨ ᠳᠤ ᠲᠣᠳᠣᠷᠬᠠᠢ ᠬᠡᠯᠡᠵᠦ ᠪᠣᠯᠣᠨ᠎ᠠ᠃ | ᠣᠳᠣᠬᠠᠨ ᠳᠤ ᠲᠠᠷᠢᠯᠭ᠎ᠠ ᠲᠠᠷᠢᠵᠤ ᠪᠣᠯᠬᠤ ᠦᠭᠡᠢ ᠪᠤᠶᠤ ᠲᠦᠷ ᠬᠤᠶᠢᠰᠢᠯᠠᠭᠤᠯᠬᠤ 4 ᠵᠦᠢᠯ ᠤᠨ ᠪᠠᠶᠢᠳᠠᠯ ᠢ | ᠲᠣᠭᠲᠠᠭᠠᠪᠠ᠃ ᠨᠢᠭᠡᠳᠦᠭᠡᠷ ᠲᠤ᠂ ᠨᠠᠰᠤᠲᠠᠶᠢᠴᠤᠳ ᠥᠩᠭᠡᠷᠡᠭᠰᠡᠨ ᠳᠤ ᠸᠠᠺᠼᠢᠨ ᠤ ᠲᠠᠷᠢᠯᠭ᠎ᠠ ᠳᠤ ᠬᠦᠨᠳᠦ ᠨᠣᠴᠢᠲᠠᠢ | ᠬᠠᠷᠰᠢᠮᠠᠲᠠᠭᠠᠢ ᠤᠷᠪᠠᠯ ᠭᠠᠷᠴᠤ ᠥᠩᠭᠡᠷᠡᠭᠰᠡᠨ ᠦᠶ᠎ᠡ ᠳᠤ᠂ ᠵᠢᠱᠢᠶᠡᠯᠡᠪᠡᠯ ᠬᠠᠷᠰᠢᠮᠠᠲᠠᠭᠠᠢ ᠴᠢᠨᠠᠷᠲᠠᠢ ᠱᠣᠺ᠂ | ᠲᠥᠪᠥᠩᠬᠡᠢ ᠶᠢᠨ ᠤᠰᠤᠨ ᠬᠠᠪᠤᠩ ᠵᠡᠷᠭᠡ ᠪᠠᠶᠢᠳᠠᠯ ᠭᠠᠷᠴᠤ ᠥᠩᠭᠡᠷᠡᠭᠰᠡᠨ ᠪᠠᠶᠢᠪᠠᠯ᠂ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠢ ᠳᠠᠷᠢᠵᠤ ᠪᠣᠯᠬᠤ ᠦᠭᠡᠢ᠃ ᠬᠤᠶᠠᠳᠤᠭᠠᠷ ᠲᠤ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠠᠴᠠ ᠪᠣᠯᠵᠤ | ᠲᠦᠷᠭᠡᠨ ᠴᠢᠨᠠᠷᠲᠠᠢ ᠬᠠᠯᠠᠭᠤᠷᠠᠯ ᠤᠨ ᠬᠤᠭᠤᠴᠠᠭᠠᠨ ᠳᠤ ᠪᠠᠨ ᠪᠠᠶᠢᠬᠤ ᠦᠶ᠎ᠡ ᠳᠤ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠬᠢᠬᠦ ᠶᠢ ᠲᠦᠷ ᠬᠤᠶᠢᠰᠢᠯᠠᠭᠤᠯᠵᠤ᠂ ᠡᠵᠡᠮᠳᠡᠭᠰᠡᠨ ᠤ ᠳᠠᠷᠠᠭ᠎ᠠ ᠳᠠᠭᠢᠵᠤ ᠲᠠᠷᠢᠯᠭ᠎ᠠ ᠬᠢᠬᠦ ᠶᠢ | ᠰᠠᠨᠠᠭᠤᠯᠵᠤ ᠪᠠᠶᠢᠨ᠎ᠠ᠃ ᠭᠤᠷᠪᠠᠳᠤᠭᠠᠷ ᠲᠤ᠂ ᠤᠳᠠᠭᠠᠨ ᠴᠢᠨᠠᠷᠲᠠᠢ ᠡᠪᠡᠳᠴᠢᠨ ᠤ ᠲᠦᠷᠭᠡᠨ ᠴᠢᠨᠠᠷᠲᠠᠢ ᠬᠥᠳᠡᠯᠬᠦ | ᠬᠤᠭᠤᠴᠠᠭᠠᠨ ᠳᠤ ᠪᠠᠶᠢᠪᠠᠯ᠂ ᠵᠢᠱᠢᠶᠡᠯᠡᠪᠡᠯ ᠬᠠᠪᠤᠳᠠᠷ ᠤᠨ ᠡᠪᠡᠳᠴᠢᠲᠡᠨ ᠬᠢᠮᠢ ᠶᠢᠨ ᠵᠠᠰᠠᠯᠭ᠎ᠠ ᠶᠢᠨ ᠬᠤᠭᠤᠴᠠᠭᠠᠨ ᠳᠤ | ᠪᠠᠶᠢᠬᠤ ᠪᠤᠶᠤ ᠴᠢᠰᠤᠨ ᠳᠠᠷᠤᠯᠲᠠ ᠥᠨᠳᠥᠷ ᠡᠪᠡᠳᠴᠢᠲᠡᠨ ᠴᠢᠰᠤᠨ ᠳᠠᠷᠤᠯᠲᠠ ᠥᠨᠳᠥᠷ ᠡᠪᠡᠳᠴᠢᠨ ᠤ ᠲᠦᠭᠰᠢᠭᠦᠷᠢᠲᠦ | ᠪᠠᠶᠢᠳᠠᠯ ᠳᠤ ᠪᠠᠶᠢᠬᠤ᠂ ᠵᠢᠷᠦᠬᠡᠨ ᠲᠢᠲᠢᠮ ᠤᠨ ᠡᠪᠡᠳᠴᠢᠲᠡᠨ ᠵᠢᠷᠦᠬᠡᠨ ᠪᠤᠯᠴᠢᠩ ᠤᠨ ᠲᠦᠭᠵᠢᠷᠡᠯ ᠬᠥᠳᠡᠯᠬᠦ | ᠬᠤᠭᠤᠴᠠᠭᠠᠨ ᠳᠤ ᠪᠠᠶᠢᠬᠤ᠂ ᠵᠠᠷᠢᠮ ᠮᠡᠳᠡᠷᠡᠯ ᠤᠨ ᠴᠢᠨᠠᠷᠲᠠᠢ ᠡᠪᠡᠳᠴᠢᠨ ᠲᠠᠢ ᠡᠪᠡᠳᠴᠢᠲᠡᠨ ᠡᠪᠡᠳᠴᠢᠨ ᠤ | ᠬᠥᠭᠵᠢᠯᠲᠡ ᠶᠢᠨ ᠬᠤᠭᠤᠴᠠᠭᠠᠨ ᠳᠤ ᠪᠠᠶᠢᠬᠤ᠂ ᠪᠠᠰᠠ ᠤᠨᠠᠳᠠᠭ ᠡᠪᠡᠳᠴᠢᠨ ᠨᠢ ᠲᠦᠷᠭᠡᠨ ᠴᠢᠨᠠᠷᠲᠠᠢ ᠬᠥᠳᠡᠯᠬᠦ | ᠬᠤᠭᠤᠴᠠᠭᠠᠨ ᠳᠤ ᠪᠠᠨ ᠪᠠᠶᠢᠬᠤ ᠮᠡᠲᠦ ᠶᠢᠨ ᠡᠪᠡᠳᠴᠢᠲᠡᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ | ᠬᠢᠬᠦ ᠶᠢ ᠲᠦᠷ ᠬᠤᠶᠢᠰᠢᠯᠠᠭᠤᠯᠬᠤ ᠶᠢ ᠰᠠᠨᠠᠭᠤᠯᠤᠶ᠎ᠠ᠂ ᠡᠪᠡᠳᠴᠢᠨ ᠤ ᠪᠠᠶᠢᠳᠠᠯ ᠨᠢ ᠲᠣᠭᠲᠠᠭᠤᠨ ᠪᠣᠯᠤᠭᠰᠠᠨ ᠤ ᠳᠠᠷᠠᠭ᠎ᠠ | ᠳᠠᠬᠢᠨ ᠲᠠᠷᠢᠯᠭ᠎ᠠ ᠬᠢᠵᠦ ᠪᠣᠯᠣᠨ᠎ᠠ᠃ ᠳᠥᠷᠪᠡᠳᠦᠭᠡᠷ ᠲᠤ᠂ ᠬᠦᠨᠳᠦ ᠡᠪᠡᠳᠴᠢᠨ ᠪᠤᠶᠤ ᠤᠳᠠᠭᠠᠨ ᠴᠢᠨᠠᠷᠲᠠᠢ ᠡᠪᠡᠳᠴᠢᠨ ᠨᠢ | ᠨᠢᠭᠡᠨᠲᠡ ᠠᠮᠢ ᠨᠠᠰᠤᠨ ᠤ ᠡᠴᠦᠰ ᠤᠨ ᠬᠤᠭᠤᠴᠠᠭᠠᠨ ᠳᠤ ᠣᠷᠣᠭᠰᠠᠨ ᠪᠣᠯ ᠸᠠᠺᠼᠢᠨ ᠤ ᠲᠠᠷᠢᠯᠭ᠎ᠠ ᠬᠢᠬᠦ ᠶᠢ ᠪᠢᠳᠡ | ᠰᠠᠨᠠᠭᠠᠴᠢᠯᠠᠬᠤ ᠦᠭᠡᠢ᠃ ᠳᠠᠬᠢᠨᠲᠠ ᠴᠢᠬᠤᠯᠠᠴᠢᠯᠠᠬᠤ ᠨᠢ᠂ ᠨᠠᠰᠤᠲᠠᠶᠢᠴᠤᠳ ᠲᠤ ᠠᠪᠴᠤ ᠬᠡᠯᠡᠪᠡᠯ᠂ ᠨᠥᠬᠦᠴᠡᠯ ᠳᠤ | ᠨᠡᠶᠢᠴᠡᠳᠡᠭ ᠯᠡ ᠶᠤᠮ ᠪᠣᠯ ᠵᠠᠪᠠᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠲᠦᠷᠭᠡᠳᠬᠡᠵᠦ᠂ | ᠲᠠᠷᠢᠬᠤ ᠶᠣᠰᠣᠲᠠᠢ ᠪᠣᠯ ᠴᠥᠮ ᠲᠠᠷᠢᠬᠤ ᠬᠡᠷᠡᠭᠲᠡᠢ᠂ ᠢᠩᠭᠢᠪᠡᠯ ᠰᠠᠶ᠋ᠢ ᠥᠪᠡᠷ ᠤᠨ ᠪᠡᠶ᠎ᠡ ᠶᠢᠨ ᠡᠷᠡᠭᠦᠯ ᠮᠡᠨᠳᠦ ᠪᠠ ᠠᠮᠢ | ᠨᠠᠰᠤᠨ ᠤ ᠠᠮᠤᠷ ᠲᠦᠪᠰᠢᠨ ᠢᠶᠠᠨ ᠨᠠᠩ ᠰᠠᠶᠢᠲᠤᠷ ᠬᠠᠮᠠᠭᠠᠯᠠᠵᠤ ᠴᠢᠳᠠᠨ᠎ᠠ᠃ ᠲᠥᠷᠥ ᠶᠢᠨ ᠪᠣᠳᠣᠯᠭ᠎ᠠ ᠶᠢ ᠯᠠᠪᠳᠠᠭᠤᠨ | ᠪᠥᠭᠡᠳ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ ᠲᠥᠷᠥ ᠶᠢᠨ ᠪᠣᠳᠣᠯᠭ᠎ᠠ ᠶᠢ ᠲᠣᠭᠲᠠᠭᠤᠨ ᠪᠥᠭᠡᠳ | ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃ ᠵᠢᠱᠢᠶᠡᠯᠡᠪᠡᠯ᠂ ᠵᠠᠰᠠᠭ ᠵᠠᠬᠢᠷᠭᠠᠨ ᠤ ᠣᠷᠣᠨ ᠤ | ᠬᠡᠪᠴᠢᠶ᠎ᠡ ᠪᠠᠷ ᠪᠥᠬᠦ ᠬᠥᠮᠥᠰ ᠤᠨ ᠪᠥᠭᠡᠮ ᠬᠦᠴᠢᠯ ᠤᠨ ᠪᠠᠶᠢᠴᠠᠭ᠋ᠯᠲᠡ ᠶᠢ ᠥᠷᠨᠢᠭᠦᠯᠬᠦ ᠦᠭᠡᠢ ᠪᠠᠶᠢᠬᠤ ᠶᠢ ᠱᠠᠭᠠᠷᠳᠠᠨ᠎ᠠ᠂ | ᠭᠡᠪᠡᠴᠦ ᠪᠢᠳᠡ ᠪᠠᠶᠢᠴᠠᠭᠠᠨ ᠰᠢᠯᠭᠠᠬᠤ ᠱᠠᠭᠠᠷᠳᠠᠯᠭ᠎ᠠ ᠲᠠᠢ ᠬᠥᠮᠥᠰ ᠢ ᠰᠠᠶᠢᠲᠤᠷ ᠪᠠᠲᠤᠯᠠᠬᠤ ᠬᠡᠷᠡᠭᠲᠡᠢ︔ ᠪᠠᠰᠠ ᠵᠢᠱᠢᠶᠡᠯᠡᠪᠡᠯ | ᠠᠷᠭ᠎ᠠ ᠴᠢᠨᠠᠷᠲᠠᠢ ᠬᠠᠯᠳᠠᠪᠤᠷᠢᠯᠠᠭᠰᠠᠳ ᠢ ᠭᠡᠷ ᠲᠤ ᠨᠢ ᠲᠤᠰᠠᠭᠠᠷᠯᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ | ᠰᠠᠶᠢᠲᠤᠷ ᠬᠢᠵᠦ᠂ ᠨᠡᠶᠢᠭᠡᠮ ᠤᠨ ᠲᠠᠯ᠎ᠠ ᠶᠢᠨ ᠰᠢᠨ᠎ᠡ ᠬᠠᠯᠳᠠᠪᠤᠷᠢᠯᠠᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ᠡᠮ | ᠡᠮᠨᠡᠯᠭᠡ ᠶᠢᠨ ᠡᠬᠢ ᠪᠠᠶᠠᠯᠢᠭ ᠢ ᠪᠡᠯᠡᠳᠬᠡᠬᠦ ᠪᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠡᠬᠢ | ᠪᠠᠶᠠᠯᠢᠭ ᠢ ᠭᠤᠣᠯᠳᠠᠯᠭ᠎ᠠ ᠲᠠᠢ ᠬᠥᠮᠥᠰ ᠲᠤ ᠨᠡᠩ ᠢᠯᠡᠭᠦᠦ ᠬᠦᠷᠲᠡᠭᠡᠵᠦ᠂ ᠲᠡᠳᠡᠨ ᠤ ᠡᠷᠡᠭᠦᠯ ᠴᠢᠭᠢᠷᠠᠭ ᠤᠨ ᠪᠠᠶᠢᠳᠠᠯ ᠢ | ᠣᠶᠢᠯᠠᠭᠠᠵᠤ᠂ ᠪᠠᠶᠢᠳᠠᠯ ᠢ ᠣᠶᠢᠯᠠᠭᠠᠨ ᠳᠠᠩᠰᠠ ᠡᠪᠬᠡᠮᠡᠯ ᠪᠠᠶᠢᠭᠤᠯᠬᠤ ᠪᠠ ᠱᠠᠲᠤ ᠬᠤᠪᠢᠶᠠᠨ ᠲᠦᠷᠦᠯ ᠬᠤᠪᠢᠶᠠᠨ | ᠬᠠᠮᠢᠶᠠᠷᠬᠤ ᠠᠵᠢᠯ ᠢ ᠰᠠᠶᠢᠲᠤᠷ ᠬᠢᠵᠦ᠂ ᠠᠵᠢᠯ ᠢᠶᠠᠨ ᠨᠡᠩ ᠪᠣᠳᠠᠲᠠᠢ᠂ ᠨᠡᠩ ᠨᠠᠷᠢᠯᠢᠭ ᠪᠥᠭᠡᠳ ᠨᠡᠩ ᠬᠠᠯᠠᠭᠤᠮᠰᠤᠭ ᠬᠢᠬᠦ | ᠬᠡᠷᠡᠭᠲᠡᠢ᠃ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠴᠠ ᠡᠷᠡᠰ ᠵᠠᠶᠢᠯᠠᠰᠬᠢᠬᠦ ᠬᠡᠷᠡᠭᠲᠡᠢ ᠠᠰᠠᠷ᠂ ᠣᠷᠣᠴᠠ᠂ ᠳᠠᠪᠬᠤᠷᠭ᠎ᠠ᠂ | ᠰᠠᠭᠤᠭᠠᠯᠢ ᠡᠷᠤᠭᠡ ᠪᠠᠷ ᠲᠦᠭᠰᠢᠭᠦᠷᠢᠲᠦ ᠣᠷᠣᠨ ᠢ ᠵᠠᠭᠠᠭᠯᠠᠨ ᠲᠣᠭᠲᠠᠭᠠᠬᠤ ᠬᠡᠷᠡᠭᠲᠡᠢ᠂ ᠳᠤᠷ᠎ᠠ ᠪᠠᠷ ᠥᠷᠭᠡᠳᠬᠡᠵᠦ ᠪᠣᠯᠬᠤ | ᠦᠭᠡᠢ᠃ ᠵᠠᠰᠠᠭ ᠵᠠᠬᠢᠷᠭᠠᠨ ᠤ ᠣᠷᠣᠨ ᠬᠡᠪᠴᠢᠶ᠎ᠡ ᠶᠣᠰᠣᠭᠠᠷ ᠪᠥᠬᠦ ᠬᠥᠮᠥᠰ ᠤᠨ ᠪᠥᠭᠡᠮ ᠬᠦᠴᠢᠯ ᠤᠨ ᠪᠠᠶᠢᠴᠠᠭ᠋ᠯᠲᠡ ᠶᠢ | ᠥᠷᠨᠢᠭᠦᠯᠵᠦ ᠪᠣᠯᠬᠤ ᠦᠭᠡᠢ᠃ ᠣᠨᠴᠠᠭᠠᠶ ᠲᠠᠯᠠᠪᠤᠷ ᠭᠠᠵᠠᠷ ᠠᠴᠠ ᠭᠠᠳᠠᠨ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ | ᠭᠡᠷᠡᠴᠢ ᠬᠠᠩᠭᠠᠬᠤ ᠶᠢ ᠳᠠᠭᠢᠵᠤ ᠱᠠᠭᠠᠷᠳᠠᠬᠤ ᠦᠭᠡᠢ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠪᠠᠶᠢᠴᠠᠭᠠᠨ | ᠰᠢᠯᠭᠠᠬᠤ ᠦᠭᠡᠢ᠃ ᠭᠠᠵᠠᠷ ᠣᠷᠣᠨ ᠠᠯᠤᠰᠯᠠᠭᠰᠠᠨ ᠨᠡᠭᠦᠳᠡᠯ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ | ᠪᠢᠯᠢᠭ ᠴᠢᠨᠠᠷ ᠤᠨ ᠭᠡᠷᠡᠴᠢ ᠶᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ | ᠺᠣᠳ᠋ ᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠪᠠᠰᠠ ᠳᠠᠭᠢᠵᠤ ᠬᠦᠷᠬᠦ ᠭᠠᠵᠠᠷ ᠲᠤ ᠨᠢ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠦᠭᠡᠢ ᠪᠠᠶᠢᠵᠤ᠂ ᠬᠢᠵᠢᠭ ᠤᠨ ᠪᠠᠶᠢᠳᠠᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ | ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠡᠮᠴᠢᠯᠡᠭᠡᠨ ᠤ ᠡᠬᠢ ᠪᠠᠶᠠᠯᠢᠭ ᠬᠤᠭᠤᠰᠤᠷᠠᠨ ᠲᠠᠰᠤᠯᠳᠠᠬᠤ | ᠦᠵᠡᠭᠳᠡᠯ ᠭᠠᠷᠬᠤ ᠠᠴᠠ ᠴᠢᠩᠭ᠎ᠠ ᠰᠡᠷᠭᠡᠶᠢᠯᠡᠨ᠎ᠡ ᠣᠳᠣᠬᠠᠨ ᠳᠤ᠂ ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠤᠨ | ᠪᠠᠶᠢᠳᠠᠯ ᠢ ᠨᠢᠭᠲᠠ ᠠᠩᠬᠠᠷᠴᠤ᠂ ᠡᠯ᠎ᠡ ᠭᠠᠵᠠᠷ ᠤᠨ ᠬᠢᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠰᠠᠨ ᠤ ᠳᠠᠷᠠᠭᠠᠬᠢ | ᠬᠦᠨᠳᠦ ᠡᠪᠡᠳᠴᠢᠨ᠂ ᠦᠬᠦᠯ ᠤᠨ ᠪᠠᠶᠢᠳᠠᠯ ᠵᠢᠴᠢ ᠡᠮᠴᠢᠯᠡᠭᠡᠨ ᠤ ᠡᠬᠢ ᠪᠠᠶᠠᠯᠢᠭ ᠢ ᠡᠵᠡᠯᠡᠨ ᠬᠡᠷᠡᠭᠯᠡᠭᠰᠡᠨ ᠪᠠᠶᠢᠳᠠᠯ ᠢ | ᠮᠡᠳᠡᠭᠦᠯᠵᠦ᠂ ᠡᠮᠴᠢᠯᠡᠭᠡᠨ ᠤ ᠡᠬᠢ ᠪᠠᠶᠠᠯᠢᠭ ᠬᠤᠭᠤᠰᠤᠷᠠᠨ ᠲᠠᠰᠤᠯᠳᠠᠬᠤ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠬᠦ | ᠬᠡᠷᠡᠭᠲᠡᠢ᠃ ᠨᠢᠭᠡ ᠳᠤ᠂ ᠸᠠᠺᠼᠢᠨ᠂ ᠡᠮ ᠤᠨ ᠵᠦᠢᠯ ᠢ ᠰᠤᠳᠤᠯᠤᠨ ᠨᠡᠭᠡᠭᠡᠵᠦ᠂ ᠸᠠᠺᠼᠢᠨ ᠤ ᠲᠠᠷᠢᠯᠭ᠎ᠠ ᠪᠠ ᠡᠮ ᠤᠨ | ᠵᠦᠢᠯ ᠢ ᠨᠥᠭᠡᠴᠡᠯᠡᠨ᠎ᠡ᠃ ᠸᠠᠺᠼᠢᠨ ᠤ ᠲᠠᠷᠢᠯᠭ᠎ᠠ ᠶᠢᠨ ᠲᠠᠯ᠎ᠠ ᠪᠠᠷ ᠨᠢᠭᠡᠨᠲᠡ ᠢᠳᠡᠪᠬᠢᠲᠡᠢ ᠠᠬᠢᠴᠠ ᠲᠠᠢ ᠪᠣᠯᠵᠤ᠂ ᠪᠥᠬᠦ | ᠬᠥᠮᠥᠰ ᠤᠨ ᠸᠠᠺᠼᠢᠨ ᠤ ᠲᠠᠷᠢᠯᠭ᠎ᠠ ᠶᠢ ᠪᠦᠷᠢᠨ ᠳᠠᠷᠢᠭᠰᠠᠨ ᠨᠣᠷᠮ᠎ᠠ ᠨᠢ 90% ᠶᠢ ᠳᠠᠪᠠᠵᠠᠢ᠃ ᠣᠶᠢᠷ᠎ᠠ ᠳᠤ᠂ | ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ ᠠᠬᠢᠭᠤᠯᠬᠤ ᠠᠵᠢᠯ ᠳᠤ ᠴᠢᠭᠯᠡᠭᠦᠯᠦᠨ ᠭᠤᠣᠯᠳᠠᠯᠭ᠎ᠠ ᠲᠠᠢ | ᠪᠠᠶᠢᠷᠢᠯᠠᠭᠤᠯᠤᠯᠲᠠ ᠬᠢᠵᠦ᠂ ᠡᠮ ᠤᠨ ᠵᠦᠢᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠨᠥᠭᠡᠴᠡᠯᠡᠬᠦ ᠶᠢ | ᠴᠢᠩᠭᠠᠳᠬᠠᠵᠤ᠂ ᠰᠢᠨ᠎ᠡ ᠲᠢᠲᠢᠮᠯᠢᠭ ᠸᠢᠷᠦ᠋ᠰ ᠢ ᠡᠰᠡᠷᠭᠦᠴᠡᠬᠦ ᠡᠮ᠂ ᠬᠢᠲᠠᠳ ᠡᠮ ᠵᠢᠴᠢ ᠬᠡᠦᠬᠡᠳ ᠨᠠᠰᠤᠲᠠᠶᠢᠴᠤᠳ ᠢ | ᠡᠮᠨᠡᠨ ᠵᠠᠰᠠᠬᠤ ᠡᠮ ᠪᠠ ᠡᠩ ᠤᠨ ᠡᠮ ᠢ ᠭᠤᠣᠯᠳᠠᠯᠭ᠎ᠠ ᠲᠠᠢ ᠨᠥᠭᠡᠴᠡᠯᠡᠨ᠎ᠡ᠃ ᠬᠤᠶᠠᠷ ᠲᠤ᠂ ᠡᠮᠴᠢᠯᠡᠭᠡᠨ ᠤ ᠠᠪᠤᠷᠠᠨ | ᠵᠠᠰᠠᠬᠤ ᠡᠬᠢ ᠪᠠᠶᠠᠯᠢᠭ ᠤᠨ ᠪᠡᠯᠡᠳᠬᠡᠯ ᠢ ᠴᠢᠩᠭᠠᠳᠬᠠᠨ᠎ᠠ᠃ ᠱᠠᠲᠤ ᠬᠤᠪᠢᠶᠠᠨ ᠣᠨᠣᠰᠢᠯᠠᠨ ᠡᠮᠨᠡᠵᠦ ᠠᠪᠤᠷᠠᠨ ᠵᠠᠰᠠᠬᠤ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠲᠡᠨ ᠤ ᠣᠷᠣ | ᠂ ICU ᠵᠢᠴᠢ ᠬᠠᠮᠢᠶ᠎ᠠ ᠪᠦᠬᠦᠢ ᠠᠪᠤᠷᠠᠨ ᠵᠠᠰᠠᠬᠤ ᠲᠥᠬᠦᠭᠡᠷᠦᠮᠵᠢ ᠬᠢᠭᠡᠳ ᠡᠳ᠋ ᠪᠣᠳᠠᠰ ᠢ ᠨᠡᠮᠡᠭᠳᠡᠭᠦᠯᠦᠨ᠎ᠡ᠃ ᠰᠢᠨ᠎ᠡ ᠪᠠᠷ | ᠬᠠᠯᠳᠠᠪᠤᠷᠢᠯᠠᠭᠰᠠᠳ ᠢ ᠠᠪᠤᠷᠠᠨ ᠵᠠᠰᠠᠬᠤ ᠪᠠ ᠡᠳᠦᠷ ᠲᠤᠲᠤᠮ ᠤᠨ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ | ᠠᠵᠢᠯ ᠢ ᠨᠢᠭᠡᠳᠦᠯᠲᠡᠢ ᠲᠥᠯᠥᠪᠯᠡᠵᠦ᠂ ᠠᠯᠢ ᠴᠢᠳᠠᠬᠤ ᠪᠠᠷ ᠬᠡᠪ ᠤᠨ ᠡᠮᠴᠢᠯᠡᠭᠡᠨ ᠤ ᠦᠢᠯᠡᠴᠢᠯᠡᠭᠡ ᠶᠢ ᠨᠥᠯᠥᠭᠡᠯᠡᠬᠦ ᠦᠭᠡᠢ | ᠪᠠᠶᠢᠵᠤ᠂ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠶᠢ ᠪᠠᠲᠤᠯᠠᠨ᠎ᠠ᠃ ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠂ ︽ᠡᠭᠦᠳᠡ ᠰᠠᠬᠢᠭᠴᠢ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠭᠤᠷᠪᠠ ᠳᠤ᠂ ᠸᠢᠷᠦ᠋ᠰ ᠤᠨ | ᠣᠨᠳᠣᠣᠰᠢᠯ᠂ ᠡᠪᠡᠳᠴᠢᠨ ᠡᠮᠭᠡᠭ ᠤᠨ ᠬᠦᠨᠳᠦ ᠨᠣᠴᠢᠲᠠᠢ ᠴᠢᠨᠠᠷ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ | ᠪᠠᠶᠢᠳᠠᠯ ᠤᠨ ᠬᠢᠨᠠᠨ ᠰᠢᠨᠵᠢᠯᠡᠯᠲᠡ ᠶᠢ ᠴᠢᠩᠭᠠᠳᠬᠠᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ | ᠬᠦᠷᠢᠶᠡᠯᠡᠩ᠂ ᠡᠮᠴᠢᠯᠡᠭᠡᠨ ᠤ ᠪᠠᠶᠢᠭᠤᠯᠤᠮᠵᠢ᠂ ᠬᠡᠦᠬᠡᠳ ᠠᠰᠠᠷᠠᠬᠤ ᠪᠠᠶᠢᠭᠤᠯᠤᠮᠵᠢ᠂ ᠳᠤᠮᠳᠠᠳᠤ ᠪᠠᠭ᠎ᠠ ᠰᠤᠷᠭᠠᠭᠤᠯᠢ ᠵᠡᠷᠭᠡ | ᠣᠨᠴᠠᠭᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠡᠵᠡᠮᠳᠡᠯ ᠢ ᠴᠢᠩᠭᠠᠷᠠᠭᠤᠯᠵᠤ᠂ ᠨᠡᠶᠢᠭᠡᠮ ᠤᠨ | ᠬᠡᠪ ᠤᠨ ᠠᠵᠢᠯᠯᠠᠭᠠᠨ ᠢ ᠪᠠᠲᠤᠯᠠᠨ᠂ ᠬᠡᠪ ᠤᠨ ᠦᠢᠯᠡᠳᠪᠦᠷᠢᠯᠡᠯ ᠠᠵᠢᠯ ᠤᠨ ᠡᠮᠬᠢ ᠳᠢᠭᠯᠢᠮ ᠢ ᠴᠢᠳᠠᠬᠤ ᠶᠢᠨ ᠬᠢᠷᠢ ᠪᠠᠷ | ᠬᠠᠮᠠᠭᠠᠯᠠᠵᠤ᠂ ᠣᠯᠠᠨ ᠲᠦᠮᠡᠨ ᠤ ᠲᠤᠰᠬᠠᠭᠰᠠᠨ ᠪᠠᠴᠢᠮᠳᠠᠬᠤ ᠬᠦᠴᠢᠷᠳᠡᠬᠦ ᠵᠣᠪᠠᠨᠢᠬᠤ ᠠᠰᠠᠭᠤᠳᠠᠯ ᠢ ᠴᠠᠭ ᠲᠤᠬᠠᠢ ᠳᠤ ᠨᠢ | ᠰᠢᠢᠳᠪᠦᠷᠢᠯᠡᠨ᠎ᠡ᠃ ᠳᠥᠷᠪᠡ ᠳᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠲᠤᠬᠠᠢ ᠣᠯᠠᠨ ᠲᠦᠮᠡᠨ ᠳᠡᠮᠵᠢᠬᠦ ᠪᠠ ᠪᠠᠶᠠᠷᠯᠠᠨ ᠤᠭᠲᠤᠵᠤ ᠪᠠᠶᠢᠨ᠎ᠠ︔ ᠡᠷᠡᠭᠦᠯ | ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ ᠣᠯᠠᠨ ᠲᠦᠮᠡᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠲᠤᠬᠠᠢ ᠲᠠᠨᠢᠯᠲᠠ ᠶᠢ ᠨᠠᠩ ᠣᠶᠤᠨᠴᠢ ᠪᠣᠯᠭᠠᠵᠤ᠂ ᠬᠤᠪᠢ ᠬᠥᠮᠥᠨ ᠤ ᠡᠷᠡᠭᠦᠯ ᠮᠡᠨᠳᠦ ᠶᠢᠨ ᠤᠬᠠᠮᠰᠠᠷ ᠢ | ᠢᠯᠡᠳᠲᠡ ᠳᠡᠭᠡᠭᠰᠢᠯᠡᠭᠦᠯᠦᠨ᠎ᠡ᠃ ᠶᠠᠭᠤᠨ ᠤ ᠤᠴᠢᠷ ᠠᠴᠠ ᠨᠠᠰᠤᠲᠠᠶᠢᠴᠤᠳ ᠤᠨ ᠦᠨᠳᠦᠰᠦᠨ ᠡᠭᠡᠯᠢᠯᠡᠭᠡ ᠶᠢ | ᠪᠡᠶᠡᠯᠡᠭᠦᠯᠦᠭᠰᠡᠨ ᠤ ᠳᠠᠷᠠᠭ᠎ᠠ ᠨᠢᠭᠡᠳᠦᠭᠡᠷ ᠤᠳᠠᠭ᠎ᠠ ᠶᠢᠨ ᠴᠢᠩᠭᠠᠳᠬᠠᠬᠤ ᠲᠠᠶᠢᠯᠭ᠎ᠠ ᠬᠢᠬᠦ ᠴᠠᠭ ᠢ 6 ᠰᠠᠷ᠎ᠠ ᠠᠴᠠ 3 ᠰᠠᠷ᠎ᠠ | ᠪᠣᠯᠭᠠᠨ ᠬᠤᠪᠢᠷᠠᠭᠤᠯᠤᠭᠰᠠᠨ ᠪᠤᠶ︖ ᠡᠩ ᠲᠡᠷᠢᠭᠦᠨ ᠳᠤ᠂ ᠪᠦᠬᠦ ᠳᠡᠯᠡᠬᠡᠢ ᠶᠢᠨ ᠣᠳᠣᠬᠠᠨ ᠤ ᠪᠤᠢ ᠪᠦᠬᠦᠢ ᠤᠯᠤᠰ ᠤᠳ | ᠬᠠᠮᠤᠭ ᠤᠨ ᠠᠩᠬᠠᠨ ᠤ ᠴᠢᠩᠭᠠᠳᠬᠠᠬᠤ ᠲᠠᠷᠢᠯᠭ᠎ᠠ ᠬᠢᠬᠦ ᠴᠠᠭ ᠢ 6 ᠰᠠᠷ᠎ᠠ ᠶᠢᠨ ᠰᠠᠭᠤᠷᠢᠨ ᠳᠡᠭᠡᠷ᠎ᠡ ᠴᠥᠮ | ᠲᠣᠬᠢᠷᠠᠭᠤᠯᠤᠯᠲᠠ ᠬᠢᠭᠰᠡᠨ ᠪᠠᠶᠢᠨ᠎ᠠ᠃ ᠣᠳᠣᠬᠠᠨ ᠳᠤ ᠪᠥᠬᠦ ᠳᠡᠯᠡᠬᠡᠢ ᠶᠢᠨ ᠪᠣᠶ ᠪᠦᠬᠦᠢ ᠬᠠᠮᠤᠭ ᠤᠨ ᠠᠩᠬᠠᠨ ᠤ | ᠴᠢᠩᠭᠠᠳᠬᠠᠬᠤ ᠲᠠᠷᠢᠯᠭ᠎ᠠ ᠶᠢᠨ ᠴᠠᠭ ᠢ ᠣᠯᠠᠩᠬᠢ ᠤᠯᠤᠰ ᠴᠥᠮ 3 — 6 ᠰᠠᠷ᠎ᠠ ᠪᠣᠯᠭᠠᠨ ᠲᠣᠬᠢᠷᠠᠭᠤᠯᠵᠠᠢ᠃ | ᠬᠤᠶᠠᠷ ᠲᠤ᠂ ᠦᠨᠳᠦᠰᠦᠨ ᠡᠭᠡᠯᠢᠯᠡᠭᠡ ᠶᠢᠨ ᠳᠠᠷᠠᠭᠠᠬᠢ 3 ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭᠠᠨ ᠤ ᠴᠢᠩᠭᠠᠳᠬᠠᠬᠤ | ᠲᠠᠷᠢᠯᠭ᠎ᠠ ᠬᠢᠬᠦ ᠪᠠ 6 ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭᠠᠨ ᠤ ᠴᠢᠩᠭᠠᠳᠭᠠᠬᠤ ᠲᠠᠷᠢᠯᠭ᠎ᠠ ᠬᠢᠪᠡᠯ᠂ ᠡᠭᠡᠯᠢᠯᠡᠭᠡ ᠶᠢᠨ | ᠦᠷ᠎ᠡ ᠪᠦᠲᠦᠮᠵᠢ ᠨᠢ ᠪᠠᠲᠤᠯᠠᠭ᠎ᠠ ᠲᠠᠢ ᠪᠠᠶᠢᠳᠠᠭ᠃ ᠮᠠᠨ ᠤ ᠰᠤᠳᠤᠯᠤᠨ ᠨᠡᠭᠡᠭᠡᠬᠦ ᠨᠢᠭᠡᠴᠢ ᠨᠦᠭᠦᠳ 18 ᠨᠠᠰᠤᠨ ᠠᠴᠠ | ᠳᠡᠭᠡᠭᠰᠢᠬᠢ ᠬᠥᠮᠥᠰ ᠪᠠ ᠨᠠᠰᠤᠲᠠᠶᠢᠴᠤᠳ ᠢ ᠪᠠᠭᠲᠠᠭᠠᠭᠰᠠᠨ ᠬᠥᠮᠥᠰ ᠲᠤ ᠡᠮᠴᠢᠯᠡᠭᠡᠨ ᠤ ᠰᠤᠳᠤᠯᠭᠠᠨ ᠪᠠ ᠦᠨᠡᠨ ᠪᠣᠳᠠᠲᠤ | ᠴᠢᠨᠠᠷ ᠤᠨ ᠰᠤᠳᠤᠯᠭᠠᠨ ᠬᠢᠭᠡᠳ ᠢᠯᠡᠷᠡᠭᠦᠯᠦᠭᠰᠡᠨ ᠢᠶᠠᠷ᠂ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭᠠᠬᠢ 3 | ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭ᠎ᠠ ᠶᠢᠨ ᠴᠢᠩᠭᠠᠳᠬᠠᠬᠤ ᠲᠠᠷᠢᠯᠭ᠎ᠠ ᠬᠢᠵᠦ᠂ ᠡᠭᠦᠰᠬᠦ ᠰᠠᠭᠠᠷᠮᠠᠭᠵᠢᠭᠤᠯᠬᠤ | ᠴᠠᠷᠤᠭᠴᠢ ᠨᠢ 3 ᠰᠠᠷ᠎ᠠ ᠶᠢᠨ ᠳᠠᠷᠠᠭᠠᠬᠢ ᠠᠴᠠ ᠥᠨᠳᠥᠷ ᠪᠢᠰᠢ᠂ ᠭᠡᠪᠡᠴᠦ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ | ᠳᠠᠷᠠᠭᠠᠬᠢ 3 ᠰᠠᠷ᠎ᠠ ᠶᠢᠨ ᠳᠣᠲᠣᠷ᠎ᠠ ᠡᠭᠡᠯᠢᠯᠡᠭᠡ ᠶᠢ ᠴᠢᠩᠭᠠᠳᠬᠠᠬᠤ ᠪᠠ ᠰᠠᠭᠤᠷᠢ ᠡᠭᠡᠯᠢᠯᠡᠭᠡ ᠶᠢ ᠪᠡᠶᠡᠯᠡᠭᠦᠯᠦᠭᠰᠡᠨ ᠤ | ᠳᠠᠷᠠᠭᠠᠬᠢ 6 ᠰᠠᠷ᠎ᠠ ᠶᠢᠨ ᠳᠣᠲᠣᠷ᠎ᠠ ᠡᠭᠡᠯᠢᠯᠡᠭᠡ ᠶᠢ ᠴᠢᠩᠭᠠᠳᠬᠠᠬᠤ ᠨᠢ ᠰᠠᠭᠠᠷᠮᠠᠭᠵᠢᠭᠤᠯᠬᠤ ᠴᠠᠷᠤᠭᠴᠢ ᠶᠢᠨ ᠬᠢᠷᠢ | ᠬᠡᠮᠵᠢᠶ᠎ᠡ ᠨᠢ ᠦᠨᠳᠦᠰᠦᠨ ᠳᠤ ᠪᠠᠨ ᠠᠳᠠᠯᠢ ᠪᠠᠶᠢᠳᠠᠭ᠃ ᠡᠶᠢᠮᠦ ᠠᠴᠠ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ | ᠳᠠᠷᠠᠭᠠᠬᠢ 3 ᠰᠠᠷ᠎ᠠ ᠪᠠ 6 ᠰᠠᠷ᠎ᠠ ᠳᠤ ᠡᠭᠡᠯᠢᠯᠡᠭᠡ ᠶᠢᠨ ᠬᠠᠮᠠᠭᠠᠯᠠᠯᠲᠠ ᠶᠢᠨ ᠦᠷ᠎ᠡ ᠳ᠋ᠦᠩ ᠨᠢ ᠠᠳᠠᠯᠢᠪᠲᠤᠷ ᠪᠠᠶᠢᠳᠠᠭ᠃ | ᠭᠤᠷᠪᠠ ᠳᠤ᠂ ᠰᠤᠳᠤᠯᠭᠠᠨ ᠢᠶᠠᠷ ᠢᠯᠡᠷᠡᠭᠦᠯᠦᠭᠰᠡᠨ ᠨᠢ᠂ ᠦᠨᠳᠦᠰᠦᠨ ᠡᠭᠡᠯᠢᠯᠡᠭᠡ ᠶᠢᠨ ᠳᠠᠷᠠᠭᠠᠬᠢ 3 ᠰᠠᠷ᠎ᠠ ᠶᠢᠨ ᠳᠣᠲᠣᠷ᠎ᠠ | ᠴᠢᠩᠭᠠᠳᠬᠠᠬᠤ ᠲᠠᠷᠢᠯᠭ᠎ᠠ ᠬᠢᠭᠰᠡᠨ ᠴᠤ ᠲᠡᠷᠡ᠂ 6 ᠰᠠᠷ᠎ᠠ ᠶᠢᠨ ᠳᠣᠲᠣᠷ᠎ᠠ ᠴᠢᠩᠭᠠᠳᠬᠠᠬᠤ ᠲᠠᠷᠢᠯᠭ᠎ᠠ ᠬᠢᠭᠰᠡᠨ ᠴᠤ ᠲᠡᠷᠡ᠂ | ᠴᠥᠮ ᠲᠦᠢᠯ ᠤᠨ ᠠᠮᠤᠷ ᠲᠦᠪᠰᠢᠨ ᠪᠠᠶᠢᠳᠠᠭ᠃ ᠳᠥᠷᠪᠡ ᠳᠤ᠂ ᠡᠶᠢᠮᠦᠷᠬᠦ ᠲᠣᠬᠢᠷᠠᠭᠤᠯᠤᠯᠲᠠ ᠨᠢ ᠪᠠᠰᠠ ᠮᠠᠨ ᠤ | ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠬᠡᠷᠡᠭᠴᠡᠭᠡ ᠮᠥᠨ᠃ ᠡᠶᠢᠮᠦᠷᠬᠦ ᠲᠣᠬᠢᠷᠠᠭᠤᠯᠤᠯᠲᠠ ᠨᠢ | ᠪᠢᠳᠡᠨ ᠤ ᠨᠠᠰᠤᠲᠠᠶᠢᠴᠤᠳ ᠲᠤ ᠢᠯᠠᠩᠭᠤᠶ᠎ᠠ ᠨᠠᠰᠤᠲᠠᠶᠢᠴᠤᠳ ᠤᠨ ᠲᠠᠷᠢᠯᠭ᠎ᠠ ᠶᠢᠨ ᠪᠦᠷᠬᠦᠴᠡ ᠶᠢ ᠴᠢᠩᠭᠠᠳᠬᠠᠬᠤ ᠲᠠᠯ᠎ᠠ ᠪᠠᠷ | ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠬᠠᠩᠭᠠᠬᠤ ᠳᠤ ᠠᠰᠢᠭᠲᠠᠢ ᠶᠤᠮ᠃ | ᠡᠪᠡᠳᠴᠢᠲᠡᠨ ᠢ ᠠᠪᠤᠷᠠᠨ ᠵᠠᠰᠠᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ ᠡᠰᠡᠬᠦ ᠪᠠᠷ | ᠤᠷᠢᠲᠠᠯ ᠨᠥᠬᠦᠴᠡᠯ ᠪᠣᠯᠭᠠᠵᠤ ᠶᠠᠭᠠᠬᠢᠭᠰᠠᠨ ᠴᠤ ᠪᠣᠯᠬᠤ ᠦᠭᠡᠢ ᠨᠢᠭᠡ ᠳᠤ᠂ ᠦᠬᠦᠯ ᠠᠴᠠ ᠠᠪᠤᠷᠠᠨ ᠰᠢᠷᠬᠠᠲᠤᠭᠰᠠᠳ ᠢ | ᠲᠡᠩᠬᠡᠷᠡᠭᠦᠯᠬᠦ ᠪᠣᠯ ᠮᠠᠨ ᠤ ᠡᠮᠴᠢᠯᠡᠭᠡᠨ ᠤ ᠪᠠᠶᠢᠭᠤᠯᠤᠮᠵᠢ ᠪᠣᠯᠣᠨ ᠡᠮᠨᠡᠯᠭᠡ ᠶᠢᠨ ᠠᠵᠢᠯᠲᠠᠳ ᠤᠨ ᠠᠷᠢᠭᠤᠨ ᠳᠠᠷᠬᠠᠨ ᠡᠭᠦᠷᠭᠡ | ᠬᠠᠷᠢᠭᠤᠴᠠᠯᠭ᠎ᠠ ᠮᠥᠨ᠂ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ᠴᠥᠮ ᠶᠠᠮᠠᠷ ᠴᠤ ᠰᠢᠯᠲᠠᠭ ᠢᠶᠠᠷ ᠡᠪᠡᠳᠴᠢᠲᠡᠨ ᠢ | ᠡᠮᠨᠡᠭᠦᠯᠬᠦ ᠠᠴᠠ ᠲᠠᠲᠠᠭᠠᠯᠵᠠᠵᠤ ᠪᠣᠯᠬᠤ ᠦᠭᠡᠢ᠂ ᠢᠯᠠᠩᠭᠤᠶ᠎ᠠ ᠪᠥᠭᠡᠮ ᠬᠦᠴᠢᠯ ᠤᠨ ᠦᠷ᠎ᠡ ᠳ᠋ᠦᠩ ᠦᠭᠡᠢ ᠪᠠᠴᠢᠮ | ᠡᠮᠴᠢᠯᠡᠭᠦᠯᠦᠭᠴᠢ ᠳᠤ ᠠᠪᠴᠤ ᠬᠡᠯᠡᠪᠡᠯ᠂ ᠣᠯᠠᠩᠬᠢ ᠨᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠪᠠᠶᠢᠵᠤ᠂ | ᠡᠮᠴᠢᠯᠡᠭᠡ ᠶᠢ ᠠᠮᠠᠷᠬᠠᠨ ᠰᠠᠭᠠᠲᠠᠭᠠᠬᠤ ᠪᠠᠶᠢᠳᠠᠯ ᠭᠠᠷᠴᠤ ᠮᠡᠳᠡᠨ᠎ᠡ᠃ ᠡᠶᠢᠮᠦ ᠠᠴᠠ ᠴᠠᠭ ᠲᠤᠬᠠᠢ ᠳᠤ ᠨᠢ ᠡᠳᠡᠭᠡᠷ | ᠡᠪᠡᠳᠴᠢᠲᠡᠨ ᠳᠤ ᠪᠠᠴᠢᠮ ᠲᠦᠷᠭᠡᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠪᠣᠢ ᠪᠦᠬᠦᠢ ᠡᠮᠴᠢᠯᠡᠭᠡᠨ ᠤ | ᠪᠠᠶᠢᠭᠤᠯᠤᠮᠵᠢ ᠠᠴᠠ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ ᠪᠠ ᠪᠠᠴᠢᠮ ᠲᠦᠭᠰᠢᠭᠦᠷᠢᠲᠡᠢ ᠬᠦᠨᠳᠦ | ᠡᠪᠡᠳᠴᠢᠨ ᠢ ᠲᠦᠷᠭᠡᠨ ᠠᠪᠤᠷᠠᠨ ᠵᠠᠰᠠᠬᠤ ᠳᠦᠷᠢᠮ ᠢ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠪᠠᠴᠢᠮ ᠪᠠᠶᠢᠳᠠᠯ ᠢ | ᠠᠷᠭᠠᠴᠠᠭᠠᠬᠤ ᠲᠣᠬᠢᠷᠠᠯᠴᠠᠭᠰᠠᠨ ᠲᠥᠰᠥᠯ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠢ᠃ | ᠡᠪᠡᠳᠴᠢᠲᠡᠨ ᠢ ᠠᠪᠤᠷᠠᠨ ᠵᠠᠰᠠᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ ᠡᠰᠡᠬᠦ ᠪᠠᠷ | ᠤᠷᠢᠲᠠᠯ ᠨᠥᠬᠦᠴᠡᠯ ᠪᠣᠯᠭᠠᠵᠤ ᠶᠠᠭᠠᠬᠢᠭᠰᠠᠨ ᠴᠤ ᠪᠣᠯᠬᠤ ᠦᠭᠡᠢ᠃ ᠬᠤᠶᠠᠷ ᠲᠤ᠂ ᠲᠦᠷᠭᠡᠨ ᠡᠮᠨᠡᠯᠭᠡ ᠳᠤ ᠡᠮᠨᠡᠭᠦᠯᠬᠦ | ᠡᠪᠡᠳᠴᠢᠲᠡᠨ ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠦᠭᠡᠢ ᠪᠣᠯ᠂ ᠪᠢᠳᠡ ᠡᠮᠴᠢᠯᠡᠭᠡᠨ ᠤ | ᠪᠠᠶᠢᠭᠤᠯᠤᠮᠵᠢ ᠶᠢ ᠲᠦᠷᠭᠡᠨ ᠡᠮᠨᠡᠯᠭᠡ ᠶᠢᠨ ᠣᠷᠣᠨ ᠳᠤ ᠬᠠᠷᠢᠴᠠᠩᠭᠤᠢ ᠪᠡᠶ᠎ᠡ ᠪᠠᠨ ᠳᠠᠭᠠᠭᠠᠭᠰᠠᠨ ᠨᠠᠮᠳᠠᠭᠠᠬᠤ ᠲᠣᠭᠤᠷᠢᠭ | ᠪᠠᠶᠢᠭᠤᠯᠵᠤ᠂ ᠡᠮᠨᠡᠯᠭᠡ ᠶᠢᠨ ᠠᠵᠢᠯᠲᠠᠨ ᠴᠤ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠬᠦ ᠶᠢ ᠱᠠᠭᠠᠷᠳᠠᠨ᠎ᠠ᠃ | ᠪᠥᠭᠡᠮ ᠬᠦᠴᠢᠯ ᠤᠨ ᠦᠷ᠎ᠡ ᠳ᠋ᠦᠩ ᠦᠭᠡᠢ ᠵᠠᠷᠢᠮ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠰᠢᠭᠤᠳ ᠨᠠᠮᠳᠠᠭᠠᠬᠤ | ᠲᠣᠭᠤᠷᠢᠭ ᠲᠤ ᠣᠷᠣᠭᠤᠯᠵᠤ ᠪᠠᠴᠢᠮ ᠠᠪᠤᠷᠠᠯᠲᠠ ᠬᠢᠯᠭᠡᠨ᠎ᠡ᠃ ᠡᠭᠦᠨ ᠤ ᠬᠠᠮᠲᠤ ᠡᠮᠨᠡᠯᠭᠡ ᠶᠢᠨ ᠬᠤᠷᠢᠶ᠎ᠠ ᠠᠴᠠ ᠪᠠᠰᠠ | ᠠᠨᠲ᠋ᠢᠭ᠍ᠸᠡ ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢ ᠲᠡᠭᠦᠯᠳᠡᠷᠵᠢᠭᠦᠯᠵᠦ᠂ ᠡᠪᠡᠳᠴᠢᠲᠡᠨ ᠤ ᠪᠠᠴᠢᠮ ᠡᠮᠴᠢᠯᠡᠭᠡᠨ ᠤ | ᠱᠠᠭᠠᠷᠳᠠᠯᠭ᠎ᠠ ᠶᠢ ᠡᠩ ᠲᠡᠷᠢᠭᠦᠨ ᠳᠤ ᠬᠠᠩᠭᠠᠬᠤ ᠶᠢ ᠪᠠᠲᠤᠯᠠᠨ᠎ᠠ᠃ ᠡᠭᠦᠨ ᠠᠴᠠ ᠭᠠᠳᠠᠨ᠎ᠠ᠂ ᠪᠢᠳᠡ ᠪᠠᠰᠠ ᠪᠤᠶ ᠪᠦᠬᠦᠢ | ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠡᠮᠨᠡᠬᠦ ᠲᠠᠰᠤᠭ᠂ ᠮᠡᠰᠡ ᠵᠠᠰᠠᠯ ᠤᠨ ᠲᠠᠰᠤᠭ᠂ ᠴᠢᠰᠤ ᠨᠡᠪᠲᠡᠷᠡᠭᠦᠯᠦᠨ | ᠵᠠᠳᠠᠷᠠᠭᠤᠯᠬᠤ ᠣᠷᠣᠨ᠂ ᠡᠪᠡᠳᠴᠢᠲᠡᠨ ᠤ ᠦᠷᠦᠭᠡ᠂ ᠡᠪᠡᠳᠴᠢᠲᠡᠨ ᠤ ᠣᠷᠣᠨ ᠳᠤ ᠴᠥᠮ ᠨᠠᠮᠳᠠᠭᠠᠬᠤ ᠲᠣᠭᠤᠷᠢᠭ | ᠪᠠᠶᠢᠭᠤᠯᠵᠤ᠂ ᠪᠤᠰᠤᠳ ᠣᠨᠣᠰᠢᠯᠠᠨ ᠡᠮᠨᠡᠬᠦ ᠣᠷᠣᠨ ᠠᠴᠠ ᠬᠠᠷᠢᠴᠠᠩᠭᠤᠢ ᠪᠠᠷ ᠰᠠᠯᠭᠠᠨ᠂ ᠰᠠᠶᠢᠲᠤᠷ ᠪᠡᠯᠡᠳᠬᠡᠯ ᠬᠢᠵᠦ᠂ | ᠡᠪᠡᠳᠴᠢᠲᠡᠨ ᠤ ᠵᠠᠷᠢᠮ ᠰᠠᠭᠤᠷᠢ ᠴᠢᠨᠠᠷᠲᠠᠢ ᠡᠪᠡᠳᠴᠢᠨ ᠲᠠᠢ ᠪᠠᠶᠢᠬᠤ ᠶᠢ ᠣᠯᠵᠤ ᠮᠡᠳᠡᠬᠦ ᠶᠢᠨ ᠬᠠᠮᠲᠤ ᠰᠢᠨ᠎ᠡ ᠲᠢᠲᠢᠮᠯᠢᠭ | ᠸᠢᠷᠦ᠋ᠰ ᠢ ᠪᠠᠶᠢᠴᠠᠭᠠᠨ ᠰᠢᠯᠭᠠᠭᠰᠠᠨ ᠨᠢ ᠠᠷᠭ᠎ᠠ ᠴᠢᠨᠠᠷ ᠲᠠᠢ ᠪᠠᠶᠢᠪᠠᠯ᠂ ᠡᠨᠡ ᠬᠡᠰᠡᠭ ᠡᠪᠡᠳᠴᠢᠲᠡᠨ ᠢ ᠪᠢᠳᠡ ᠴᠠᠭ | ᠲᠤᠬᠠᠢ ᠳᠤ ᠨᠢ ᠨᠠᠮᠳᠠᠭᠠᠬᠤ ᠣᠷᠣᠨ ᠳᠤ ᠡᠮᠨᠡᠨ ᠵᠠᠰᠠᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ | ᠡᠪᠡᠳᠴᠢᠲᠡᠨ ᠢ ᠬᠡᠷᠬᠢᠨ ᠱᠠᠲᠤ ᠬᠤᠪᠢᠶᠠᠨ ᠲᠥᠷᠥᠯ ᠬᠤᠪᠢᠶᠠᠨ ᠡᠮᠨᠡᠨ ᠵᠠᠰᠠᠬᠤ ᠪᠣᠶ︖ ᠡᠩ ᠲᠡᠷᠢᠭᠦᠨ ᠳᠤ᠂ | ᠡᠪᠡᠳᠴᠢᠨ ᠤ ᠪᠠᠶᠢᠳᠠᠯ ᠨᠢ ᠬᠥᠩᠭᠡᠨ ᠡᠪᠡᠳᠴᠢᠲᠡᠨ ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠭᠡᠷ ᠲᠤ ᠪᠠᠨ | ᠰᠠᠭᠤᠵᠤ ᠥᠪᠡᠷ ᠢ ᠪᠠᠨ ᠬᠠᠷᠠᠭᠠᠯᠵᠠᠵᠤ ᠪᠣᠯᠣᠨ᠎ᠠ᠃ ᠰᠠᠭᠤᠷᠢ ᠴᠢᠨᠠᠷᠲᠠᠢ ᠡᠪᠡᠳᠴᠢᠨ ᠨᠢ ᠨᠡᠯᠢᠶᠡᠳ ᠲᠣᠭᠲᠠᠪᠤᠷᠢᠲᠠᠢ | ᠪᠠᠶᠢᠪᠠᠯ᠂ ᠪᠠᠰᠠ ᠭᠡᠷ ᠲᠤ ᠪᠠᠨ ᠰᠠᠭᠤᠵᠤ ᠡᠮᠨᠡᠭᠦᠯᠵᠦ ᠪᠣᠯᠣᠨ᠎ᠠ᠃ ᠥᠨᠳᠥᠷ ᠨᠠᠰᠤᠲᠠᠢ᠂ ᠬᠥᠳᠡᠯᠵᠦ ᠪᠠᠷᠢᠬᠤ ᠳᠤ ᠳᠥᠭᠦᠮ | ᠦᠭᠡᠢ ᠬᠠᠯᠳᠠᠪᠤᠷᠢᠯᠠᠭᠰᠠᠳ ᠢ ᠪᠢᠳᠡ ᠪᠠᠰᠠ ᠭᠡᠷ ᠲᠤ ᠨᠢ ᠰᠠᠭᠤᠯᠭᠠᠬᠤ ᠶᠢ ᠰᠠᠨᠠᠭᠤᠯᠵᠤ ᠪᠠᠶᠢᠨ᠎ᠠ᠃ ᠡᠮᠨᠡᠯᠭᠡ ᠶᠢᠨ | ᠬᠤᠷᠢᠶ᠎ᠠ ᠠᠴᠠ ᠢᠨᠲ᠋ᠧᠷ ᠰᠦᠯᠵᠢᠶᠡᠨ ᠤ ᠡᠮᠴᠢᠯᠡᠭᠡᠨ ᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ | ᠦᠢᠯᠡᠴᠢᠯᠡᠭᠡ ᠬᠢᠵᠦ ᠪᠣᠯᠣᠨ᠎ᠠ᠃ ᠡᠭᠦᠨ ᠤ ᠵᠡᠷᠭᠡ ᠳᠤ ᠡᠮᠨᠡᠯᠭᠡ ᠶᠢᠨ ᠠᠵᠢᠯᠲᠠᠨ ᠢᠯᠠᠩᠭᠤᠶ᠎ᠠ ᠮᠠᠨ ᠤ ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠴᠤ ᠭᠡᠷ ᠲᠤ ᠨᠢ ᠬᠦᠷᠴᠦ ᠦᠢᠯᠡᠴᠢᠯᠡᠭᠡ ᠬᠠᠩᠭᠠᠵᠤ ᠪᠣᠯᠣᠨ᠎ᠠ᠂ ᠳᠠᠭᠢᠵᠤ | ᠰᠢᠯᠵᠢᠭᠦᠯᠦᠨ ᠭᠠᠷᠭᠠᠵᠤ ᠲᠥᠪᠯᠡᠷᠡᠭᠦᠯᠦᠨ ᠲᠤᠰᠠᠭᠠᠷᠯᠠᠵᠤ ᠪᠠᠶᠢᠭᠠᠳ ᠠᠪᠤᠷᠠᠨ ᠵᠠᠰᠠᠬᠤ ᠦᠭᠡᠢ ᠪᠠᠶᠢᠬᠤ ᠶᠢ ᠱᠠᠭᠠᠷᠳᠠᠨ᠎ᠠ᠃ | ᠬᠤᠶᠠᠷ ᠲᠤ᠂ ᠬᠦᠨᠳᠦ ᠡᠪᠡᠳᠴᠢᠨ ᠤ ᠲᠦᠭᠰᠢᠭᠦᠷᠢ ᠶᠡᠬᠡᠲᠡᠢ ᠡᠪᠡᠳᠴᠢᠲᠡᠨ ᠢ ᠮᠥᠨ ᠯᠡ ᠴᠡᠭ ᠲᠣᠭᠲᠠᠭᠠᠭᠰᠠᠨ | ᠡᠮᠨᠡᠯᠭᠡ ᠶᠢᠨ ᠬᠤᠷᠢᠶ᠎ᠠ ᠠᠴᠠ ᠭᠥᠯᠢᠶᠡᠨ ᠠᠪᠴᠤ ᠡᠮᠨᠡᠨ ᠵᠠᠰᠠᠵᠤ᠂ ᠬᠦᠨᠳᠦ ᠡᠪᠡᠳᠴᠢᠨ ᠪᠠ ᠬᠦᠨᠳᠦ ᠡᠪᠡᠳᠴᠢᠨ ᠤ | ᠲᠦᠭᠰᠢᠭᠦᠷᠢ ᠶᠡᠬᠡᠲᠡᠢ ᠡᠪᠡᠳᠴᠢᠲᠡᠨ ᠢ ᠴᠠᠭ ᠲᠤᠬᠠᠢ ᠳᠤ ᠨᠢ ᠡᠮᠨᠡᠨ ᠵᠠᠰᠠᠬᠤ ᠶᠢ ᠪᠠᠲᠤᠯᠠᠨ᠎ᠠ᠃ ᠪᠢᠳᠡ ᠶᠡᠷᠦᠩᠬᠡᠶᠢᠯᠡᠭᠰᠡᠨ | ᠴᠢᠳᠠᠪᠤᠷᠢ ᠪᠠᠷ ᠴᠢᠩᠭ᠎ᠠ᠂ ᠠᠪᠤᠷᠠᠨ ᠵᠠᠰᠠᠬᠤ ᠬᠢᠷᠢ ᠲᠦᠪᠰᠢᠨ ᠪᠠᠷ ᠥᠨᠳᠥᠷ ᠡᠮᠨᠡᠯᠭᠡ ᠶᠢᠨ ᠬᠤᠷᠢᠶ᠎ᠠ ᠶᠢ ᠰᠣᠩᠭᠤᠨ ᠴᠡᠭ | ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠪᠣᠯᠭᠠᠬᠤ ᠶᠢᠨ ᠬᠠᠮᠲᠤ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠪᠠᠰᠠ ᠵᠠᠷᠢᠮ ᠡᠪᠡᠳᠴᠢᠲᠡᠨ ᠰᠠᠭᠤᠷᠢ ᠴᠢᠨᠠᠷᠲᠠᠢ ᠡᠪᠡᠳᠴᠢᠨ ᠪᠤᠶᠤ ᠪᠤᠰᠤᠳ | ᠡᠪᠡᠳᠴᠢᠨ ᠲᠠᠢ ᠪᠣᠯ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠶᠤ ᠲᠤᠰᠬᠠᠢ ᠡᠮᠨᠡᠯᠭᠡ ᠶᠢᠨ ᠬᠤᠷᠢᠶ᠎ᠠ ᠳᠤ ᠣᠴᠢᠵᠤ | ᠡᠮᠨᠡᠭᠦᠯᠬᠦ ᠶᠢᠨ ᠬᠠᠮᠲᠤ ᠡᠮᠨᠡᠭᠦᠯᠬᠦ ᠶᠠᠪᠤᠴᠠ ᠳᠤ ᠲᠡᠭᠦᠨ ᠤ ᠰᠢᠨ᠎ᠡ ᠲᠢᠲᠢᠮᠯᠢᠭ ᠸᠢᠷᠦ᠋ᠰ ᠤᠨ ᠠᠷᠭ᠎ᠠ ᠴᠢᠨᠠᠷᠲᠠᠢ | ᠬᠠᠯᠳᠠᠪᠤᠷᠢᠯᠠᠭᠴᠢ ᠪᠣᠯᠬᠤ ᠶᠢ ᠣᠯᠵᠤ ᠮᠡᠳᠡᠬᠦ ᠪᠣᠯᠣᠯᠴᠠᠭ᠎ᠠ ᠲᠠᠢ᠃ ᠡᠳᠡᠭᠡᠷ ᠡᠪᠡᠳᠴᠢᠲᠡᠨ ᠳᠤ ᠠᠪᠴᠤ ᠬᠡᠯᠡᠪᠡᠯ᠂ ᠵᠠᠷᠢᠮ | ᠰᠠᠭᠤᠷᠢ ᠴᠢᠨᠠᠷᠲᠠᠢ ᠡᠪᠡᠳᠴᠢᠨ ᠨᠢ ᠪᠠᠰᠠ ᠨᠡᠯᠢᠶᠡᠳ ᠬᠦᠨᠳᠦ ᠨᠣᠴᠢᠲᠠᠢ ᠪᠠᠶᠢᠪᠠᠯ ᠪᠢᠳᠡ ᠪᠣᠢ ᠪᠦᠬᠦᠢ ᠡᠮᠴᠢᠯᠡᠭᠡᠨ ᠤ | ᠪᠠᠶᠢᠭᠤᠯᠤᠮᠵᠢ ᠶᠢ ᠴᠥᠮ ᠰᠠᠶᠢᠲᠤᠷ ᠪᠡᠯᠡᠳᠬᠡᠯ ᠬᠢᠬᠦ ᠶᠢ ᠱᠠᠭᠠᠷᠳᠠᠬᠤ ᠬᠡᠷᠡᠭᠲᠡᠢ᠃ ᠤᠴᠢᠷ ᠨᠢ ᠡᠨᠡ ᠲᠥᠷᠥᠯ ᠤᠨ | ᠡᠪᠡᠳᠴᠢᠲᠡᠨ ᠤ ᠡᠪᠡᠳᠴᠢᠨ ᠢ ᠲᠤᠰᠬᠠᠢ ᠰᠠᠯᠠᠭᠠᠨ ᠤ ᠡᠪᠡᠳᠴᠢᠨ ᠢᠶᠠᠷ ᠡᠮᠨᠡᠨ ᠵᠠᠰᠠᠪᠠᠯ ᠰᠠᠶ᠋ᠢ ᠡᠪᠡᠳᠴᠢᠲᠡᠨ ᠤ ᠡᠷᠡᠭᠦᠯ | ᠮᠡᠨᠳᠦ ᠳᠤ ᠬᠠᠮᠤᠭ ᠤᠨ ᠶᠡᠭᠡ ᠪᠠᠷ ᠠᠰᠢᠭ ᠬᠦᠷᠲᠡᠭᠡᠵᠦ ᠴᠢᠳᠠᠨ᠎ᠠ᠃ ᠡᠶᠢᠮᠦ ᠠᠴᠠ ᠪᠢᠳᠡ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠪᠠ ᠲᠤᠰᠬᠠᠢ ᠡᠮᠨᠡᠯᠭᠡ ᠶᠢᠨ ᠬᠤᠷᠢᠶ᠎ᠠ ᠶᠢ ᠴᠥᠮ ᠣᠨᠣᠰᠢᠯᠠᠨ ᠡᠮᠨᠡᠬᠦ ᠶᠠᠪᠤᠴᠠ ᠪᠠᠨ ᠰᠢᠯᠢᠳᠡᠭᠵᠢᠭᠦᠯᠬᠦ ᠶᠢᠨ ᠬᠠᠮᠲᠤ | ᠨᠠᠮᠳᠠᠭᠠᠬᠤ ᠲᠣᠭᠤᠷᠢᠭ ᠭᠠᠷᠭᠠᠵᠤ᠂ ᠡᠨᠡ ᠬᠡᠰᠡᠭ ᠡᠪᠡᠳᠴᠢᠲᠡᠨ ᠢ ᠴᠠᠭ ᠲᠤᠬᠠᠢ ᠳᠤ ᠨᠢ ᠡᠮᠨᠡᠨ ᠵᠠᠰᠠᠬᠤ ᠶᠢ ᠪᠠᠲᠤᠯᠠᠵᠤ᠂ | ᠲᠡᠳᠡᠨ ᠤ ᠡᠮᠨᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠱᠠᠭᠠᠷᠳᠠᠵᠤ ᠪᠠᠶᠢᠨ᠎ᠠ᠃ ᠸᠠᠺᠼᠢᠨ ᠤ ᠲᠠᠷᠢᠯᠭ᠎ᠠ ᠬᠢᠬᠦ | ᠲᠤᠬᠠᠢ ᠵᠠᠷᠯᠢᠭ ᠭᠠᠷᠭᠠᠬᠤ ᠦᠦ︖ ᠵᠠᠷᠢᠮ ᠤᠯᠤᠰ ᠸᠠᠺᠼᠢᠨ ᠤ ᠲᠠᠷᠢᠯᠭ᠎ᠠ ᠶᠢᠨ ᠵᠠᠷᠯᠢᠭ ᠭᠠᠷᠭᠠᠭᠰᠠᠨ ᠪᠠᠶᠢᠨ᠎ᠠ᠂ ᠡᠨᠡ ᠨᠢ | ᠡᠲᠡᠭᠡᠷ ᠤᠯᠤᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠳᠤ ᠦᠨᠡᠨ ᠬᠦ ᠲᠤᠰᠠᠲᠠᠢ ᠶᠤᠮ᠃ | ᠣᠳᠣᠬᠠᠨ ᠳᠤ ᠮᠠᠨ ᠤ ᠤᠯᠤᠰ ᠤᠨ 3 -17 ᠨᠠᠰᠤᠨ ᠤ ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ ᠨᠢᠭᠡᠨᠲᠡ | 97.5% ᠳᠤ ᠬᠦᠷᠴᠦ᠂ 18 - 59 ᠨᠠᠰᠤᠨ ᠤ ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ ᠨᠢᠭᠡᠨᠲᠡ | 95% ᠳᠤ ᠬᠦᠷᠴᠦ᠂ ᠪᠥᠬᠦ ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ ᠨᠢᠭᠡᠨᠲᠡ ᠮᠠᠰᠢ ᠥᠨᠳᠥᠷ ᠪᠣᠯᠵᠤ᠂ | ᠪᠥᠬᠦ ᠳᠡᠯᠡᠬᠡᠢ ᠳᠤ ᠠᠪᠴᠤ ᠬᠡᠯᠡᠭᠰᠡᠨ ᠴᠦ ᠨᠡᠯᠢᠶᠡᠳ ᠥᠨᠳᠥᠷ ᠲᠦᠪᠰᠢᠨ ᠳᠤ ᠭᠦᠷᠦᠭᠰᠡᠨ ᠪᠠᠶᠢᠨ᠎ᠠ᠃ ᠣᠳᠣᠬᠠᠨ ᠳᠤ | ᠪᠢᠳᠡ ᠶᠠᠭᠤᠨ ᠳᠤ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠲᠥᠰᠥᠯ ᠢ ᠲᠣᠭᠲᠠᠭᠠᠭᠰᠠᠨ ᠪᠣᠶ︖ ᠭᠡᠪᠡᠯ ᠮᠠᠨ ᠤ | ᠥᠨᠳᠥᠷ ᠨᠠᠰᠤᠲᠠᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠬᠠᠷᠢᠴᠠᠩᠭᠤᠢ ᠳᠣᠣᠷ᠎ᠠ ᠰᠢᠭ᠋ ᠪᠠᠶᠢᠨ᠎ᠠ᠃ | ᠭᠡᠪᠡᠴᠦ ᠡᠨᠡ ᠤᠳᠠᠭᠠᠨ ᠤ ᠲᠥᠰᠥᠯ ᠢᠶᠠᠷ ᠳᠠᠮᠵᠢᠭᠠᠳ ᠣᠶᠢᠷ᠎ᠠ ᠶᠢᠨ ᠬᠤᠭᠤᠴᠠᠭᠠᠨ ᠳᠤ ᠡᠨᠡ ᠠᠵᠢᠯ ᠢ ᠪᠠᠰᠠ ᠮᠠᠰᠢ ᠰᠠᠶᠢᠨ | ᠠᠬᠢᠭᠤᠯᠤᠭᠰᠠᠨ ᠢ ᠪᠢᠳᠠ ᠣᠯᠵᠤ ᠮᠡᠳᠡᠯ᠎ᠡ᠃ ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠡᠷᠬᠡᠪᠰᠢ ᠤᠯᠤᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠢ᠂ ᠸᠠᠺᠼᠢᠨ ᠤ ᠲᠠᠷᠢᠯᠭ᠎ᠠ ᠶᠢᠨ ᠵᠠᠷᠯᠢᠭ ᠢ ᠠᠯᠪᠠᠳᠠᠯᠭ᠎ᠠ ᠪᠠᠷ | ᠨᠡᠶᠢᠲᠡᠯᠡᠵᠦ ᠪᠣᠯᠬᠤ ᠦᠭᠡᠢ᠃ ᠡᠨᠡ ᠲᠠᠯ᠎ᠠ ᠪᠠᠷ ᠪᠢᠳᠡ ᠪᠠᠰᠠ ᠡᠷᠬᠡᠪᠰᠢ ᠮᠠᠨ ᠤ ᠤᠯᠤᠰ ᠤᠨ ᠬᠠᠤᠯᠢ ᠴᠠᠭᠠᠵᠠ ᠬᠠᠤᠯᠢ | ᠲᠣᠭᠲᠠᠭᠠᠯ ᠤᠨ ᠶᠣᠰᠣᠭᠠᠷ ᠰᠣᠩᠭᠤᠯᠲᠠ ᠬᠢᠬᠦ ᠬᠡᠷᠡᠭᠲᠡᠢ᠃ |