ᠬᠠᠯᠠᠭᠤᠷᠠᠪᠠᠯ ᠭᠡᠷ ᠲᠡᠭᠡᠨ ᠰᠠᠭᠤᠵᠤ ᠢᠯᠡᠭᠦᠬᠡᠨ ᠤᠰᠤ ᠤᠤᠭᠤ︕
ᠨᠡᠶᠢᠲᠡᠯᠡᠭᠰᠡᠨ ᠴᠠᠭ᠄
2022/12/13
   ᠬᠡᠷᠪᠡ ᠥᠪᠡᠷᠲᠡᠭᠡᠨ ᠬᠠᠯᠠᠭᠤᠷᠠᠬᠤ ᠪᠤᠶᠤ ᠭᠡᠷ ᠤᠨ ᠬᠥᠮᠦᠰ ᠴᠢᠨᠢ ᠬᠠᠯᠠᠭᠤᠷᠠᠪᠠᠯ ᠰᠠᠨᠠᠭ᠎ᠠ ᠵᠣᠪᠠᠭ᠋ᠤ  ᠬᠡᠷᠡᠭ  ᠦᠭᠡᠢ᠂ ᠭᠡᠷ ᠲᠡᠭᠡᠨ ᠰᠠᠭᠤᠵᠤ᠂ ᠢᠯᠡᠭᠦᠬᠡᠨ ᠠᠮᠠᠷᠠᠵᠤ᠂ ᠢᠯᠡᠭᠦᠬᠡᠨ ᠤᠰᠤ ᠤᠤᠭᠤᠵᠤ᠂ ᠭᠠᠳᠠᠭᠰᠢ ᠭᠠᠷᠴᠤ  ᠡᠮᠴᠢᠯᠡᠭᠦᠯᠬᠦ  ᠎ ᠠᠴᠠ  ᠠᠯᠢ ᠴᠢᠳᠠᠬᠤ ᠪᠠᠷ ᠵᠠᠶᠢᠯᠠᠰᠬᠢᠵᠦ᠂ ᠬᠠᠯᠳᠠᠪᠤᠷᠢ ᠶᠢᠨ ᠲᠦᠭᠰᠢᠭᠦᠷᠢ ᠶᠢ ᠪᠠᠭᠠᠰᠬᠠᠬᠤ ᠬᠡᠷᠡᠭᠲᠡᠶ᠃  ᠭᠤᠸᠠᠩᠵᠧᠦ ᠬᠤᠲᠠ ᠶᠢᠨ ᠪᠠᠢ ᠶᠦᠨ ᠲᠣᠭᠤᠷᠢᠭ ᠤᠨ 12 ᠰᠠᠷ᠎ᠠ ᠶᠢᠨ 4᠎ ᠤ ᠡᠳᠦᠷ ᠨᠡᠶᠢᠲᠡᠯᠡᠭᠰᠡᠨ  ᠬᠢᠵᠢᠭ ᠢ ᠰᠡᠷᠭᠡᠶᠢᠯᠡᠨ  ᠳᠠᠷᠤᠬᠤ  ᠬᠠᠮᠢᠶᠠᠲᠠᠢ  ᠮᠡᠳᠡᠭᠳᠡᠯ  ᠎ ᠠᠴᠠ  ᠦᠵᠡᠪᠡᠯ᠂  ᠭᠤᠸᠠᠩᠵᠧᠦ ᠶᠢᠨ ᠡᠨᠡ ᠡᠭᠡᠯᠵᠢᠨ ᠤ ᠬᠢᠵᠢᠭ  ᠎ ᠲᠤ ᠬᠠᠯᠳᠠᠪᠤᠷᠢᠯᠠᠭᠰᠠᠳ ᠤᠨ 90 %᠎ ᠠᠴᠠ ᠳᠡᠭᠡᠭᠰᠢᠬᠢ  ᠎ ᠨᠢ  ᠡᠪᠡᠳᠴᠢᠨ ᠤ  ᠢᠯᠡᠷᠡᠯ  ᠥᠬᠡᠶ  ᠶᠤᠮ᠂  10 %  ᠰᠢᠬᠠᠮ  ᠎ ᠤᠨ ᠡᠪᠡᠳᠴᠢᠨ ᠤ ᠢᠯᠡᠷᠡᠯ ᠲᠠᠢ ᠬᠢᠵᠢᠭ ᠲᠤ ᠬᠠᠯᠳᠠᠪᠤᠷᠢᠯᠠᠭᠰᠠᠳ ᠤᠨ ᠣᠯᠠᠩᠬᠢ ᠨᠢ ᠳᠡᠭᠡᠳᠦ ᠠᠮᠢᠰᠬᠤᠯ ᠤᠨ ᠵᠠᠮ ᠤᠨ  ᠬᠠᠯᠳᠠᠪᠤᠷᠢ ᠶᠢᠨ ᠢᠯᠡᠷᠡᠯ ᠲᠠᠢ ᠪᠠᠶᠢᠯ᠎ᠠ᠂ ᠡᠭᠦᠨ ᠳᠤ ᠬᠠᠯᠠᠭᠤᠷᠠᠬᠤ᠂ ᠬᠠᠭᠤᠷᠠᠶ ᠪᠠᠷ  ᠬᠠᠨᠢᠶᠠᠬᠤ᠂  ᠲᠠᠮᠢᠷᠳᠠᠬᠤ᠂  ᠦᠨᠦᠷᠲᠦᠬᠦ  ᠰᠡᠷᠡᠯ  ᠎ ᠨᠢ ᠮᠠᠭᠤᠳᠠᠬᠤ ᠪᠤᠶᠤ  ᠠᠯᠳᠠᠭᠳᠠᠬᠤ᠂  ᠠᠮᠲᠠᠯᠠᠬᠤ  ᠰᠡᠷᠡᠯ  ᠎ ᠨᠢ  ᠮᠠᠭᠤᠳᠠᠬᠤ  ᠪᠤᠶᠤ  ᠠᠯᠳᠠᠭᠳᠠᠬᠤ᠂  ᠬᠠᠮᠠᠷ  ᠪᠥᠭᠯᠡᠷᠡᠵᠦ  ᠨᠢᠰᠤ ᠭᠤᠭᠤᠵᠢᠬᠤ᠂ ᠵᠠᠯᠭᠢᠭᠤᠷ ᠬᠤᠭᠤᠯᠠᠢ ᠨᠢ ᠡᠪᠡᠳᠬᠦ᠂ ᠨᠢᠳᠦᠨ ᠤ ᠨᠡᠶᠢᠯᠡᠮᠡᠯ ᠪᠦᠷᠬᠦᠪᠴᠢ ᠶᠢᠨ ᠦᠷᠪᠢᠰᠦᠯ᠂  ᠪᠤᠯᠴᠢᠩ ᠡᠪᠡᠳᠬᠦ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠪᠠᠭᠲᠠᠨ᠎ᠠ  ᠃ ᠣᠯᠠᠩᠬᠢ  ᠬᠠᠯᠳᠠᠪᠤᠷᠢᠯᠠᠭᠰᠠᠳ  24  ᠴᠠᠭ ᠠᠴᠠ  36  ᠴᠠᠭ ᠤᠨ ᠳᠣᠲᠣᠷ᠎ᠠ ᠡᠪᠡᠳᠴᠢᠨ ᠤ ᠪᠠᠶᠢᠳᠠᠯ ᠨᠢ ᠨᠠᠮᠳᠠᠳᠠᠭ᠃ ᠭᠤᠸᠠᠩᠵᠧᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠤᠨ ᠳᠡᠳ᠋ ᠡᠷᠬᠢᠯᠡᠭᠴᠢ᠂ ᠰᠣᠨᠢᠨ ᠮᠡᠳᠡᠭᠡᠨ ᠤ ᠥᠭᠦᠯᠡᠭᠴᠢ ᠵᠠᠩ ᠢ ᠶᠢᠨ  ᠲᠠᠨᠢᠯᠴᠠᠭᠤᠯᠤᠭᠰᠠᠨ ᠢᠶᠠᠷ᠂  ᠡᠨᠡ ᠡᠭᠡᠯᠵᠢᠨ  ᠎ ᠳᠤ ᠳᠣᠲᠣᠭᠠᠳᠤ ᠳᠠᠭᠠᠨ ᠬᠢᠵᠢᠭ ᠲᠤ ᠬᠠᠯᠳᠠᠪᠤᠷᠢᠯᠠᠭᠰᠠᠳ ᠤᠨ 656 ᠎ ᠨᠢ 80᠎ ᠠᠴᠠ ᠳᠡᠭᠡᠭᠰᠢᠬᠢ  ᠨᠠᠰᠤᠨ  ᠎ ᠤ  ᠨᠠᠰᠤᠲᠠᠶᠢᠴᠤᠳ ᠪᠣᠯᠣᠨ᠎ᠠ᠂ ᠡᠭᠦᠨ ᠳᠤ 302᠎ ᠨᠢ  ᠸᠠᠺᠼᠢᠨ  ᠲᠠᠷᠢᠭᠤᠯᠤᠭᠰᠠᠨ  ᠦᠭᠡᠢ  ᠪᠠᠶᠢᠵᠠᠢ᠃  ᠣᠳᠣᠬᠠᠨ ᠳᠤ᠂  ᠪᠥᠬᠦ  ᠬᠤᠲᠠ ᠶᠢᠨ 80᠎ ᠠᠴᠠ ᠳᠡᠭᠡᠭᠰᠢᠬᠢ ᠨᠠᠰᠤᠨ ᠤ ᠨᠠᠰᠤᠲᠠᠶᠢᠴᠤᠳ ᠤᠨ ᠸᠠᠺᠼᠢᠨ ᠳᠠᠷᠢᠭᠤᠯᠤᠭᠰᠠᠨ ᠨᠣᠷᠮ᠎ᠠ ᠵᠥᠪᠬᠡᠨ  52.7 %  ᠎ ᠳᠤ  ᠯᠡ ᠬᠦᠷᠴᠦ ᠪᠠᠶᠢᠨ᠎ᠠ᠂ ᠡᠨᠡ ᠨᠢ ᠨᠡᠯᠢᠶᠡᠳ ᠣᠯᠠᠨ ᠲᠣᠭᠠᠨ ᠤ ᠨᠠᠰᠤᠲᠠᠶᠢᠴᠤᠳ ᠸᠠᠺᠼᠢᠨ ᠲᠠᠷᠢᠭᠤᠯᠤᠭᠰᠠᠨ ᠦᠭᠡᠢ  ᠎ ᠠᠴᠠ  ᠪᠣᠯᠵᠤ ᠲᠡᠳᠡᠨ ᠎ ᠤ ᠳᠤᠮᠳᠠ ᠸᠠᠺᠼᠢᠨ ᠤ ᠬᠦᠨᠳᠦ ᠡᠪᠡᠳᠴᠢᠯᠡᠬᠦ᠂ ᠨᠠᠰᠤ  ᠪᠠᠷᠠᠬᠤ  ᠵᠡᠷᠭᠡ  ᠡᠷᠡᠰᠳᠡᠯ  ᠎ ᠠᠴᠠ  ᠬᠠᠮᠠᠭᠠᠯᠠᠬᠤ  ᠬᠠᠯᠬᠠᠪᠴᠢ ᠪᠦᠷᠢᠯᠳᠦᠭᠡ ᠦᠭᠡᠢ ᠶᠢ  ᠬᠠᠷᠠᠭᠤᠯᠤᠭᠰᠠᠨ  ᠪᠠᠶᠢᠨ᠎ᠠ᠃  ᠡᠶᠢᠮᠦ  ᠎ ᠠᠴᠠ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠨᠢ ᠮᠠᠰᠢ ᠲᠤᠯᠭᠠᠮ᠎ᠠ ᠱᠠᠭᠠᠷᠳᠠᠭᠳᠠᠵᠤ ᠪᠠᠶᠢᠨ᠎ᠠ ᠭᠡᠵᠡᠢ᠃  ᠭᠤᠸᠠᠩᠵᠧᠦ  ᠬᠤᠲᠠ ᠶᠢᠨ  ᠡᠪᠡᠳᠴᠢᠨ ᠬᠢᠵᠢᠭ ᠢ ᠰᠡᠷᠭᠡᠶᠢᠯᠡᠨ ᠳᠠᠷᠤᠬᠤ ᠲᠥᠪ ᠤᠨ ᠨᠠᠮ ᠤᠨ ᠬᠤᠷᠢᠶᠠᠨ ᠤ ᠱᠦᠵᠢ᠂ ᠰᠣᠨᠢᠨ ᠮᠡᠳᠡᠭᠡᠨ ᠤ ᠥᠭᠦᠯᠡᠭᠴᠢ ᠵᠠᠩ ᠵᠸᠦ ᠪᠢᠨ ᠢᠯᠡᠷᠬᠡᠶᠢᠯᠡᠬᠦ ᠳᠡᠭᠡᠨ᠂ ᠣᠳᠣ ᠶᠢᠨ ᠪᠠᠶᠢᠳᠠᠯ ᠳᠤ᠂ ᠬᠤᠲᠠ ᠶᠢᠨ ᠠᠷᠠᠳ ᠬᠢᠵᠢᠭ ᠤᠨ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠬᠤ ᠶᠢᠨ ᠬᠠᠮᠲᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ  ᠎ ᠶᠢ ᠦᠷᠭᠦᠯᠵᠢᠯᠡᠨ ᠰᠠᠶᠢᠨ ᠬᠢᠬᠦ  ᠬᠡᠷᠡᠭᠲᠡᠶ᠂ ᠥᠭᠡᠷ᠎ᠡ ᠪᠠᠷ ᠬᠡᠯᠡᠪᠡᠯ᠂ ᠠᠮᠠᠪᠴᠢ ᠵᠡᠬᠦᠬᠦ᠂ ᠭᠠᠷ ᠢᠶᠠᠨ ᠤᠬᠢᠶᠠᠬᠤ᠂ ᠸᠠᠺᠼᠢᠨ ᠳᠠᠷᠢᠭᠤᠯᠬᠤ ᠵᠡᠷᠭᠡ ᠭᠤᠷᠪᠠᠨ  ᠠᠵᠢᠯ ᠢ  ᠰᠠᠶᠢᠨ ᠬᠢᠬᠦ ᠬᠡᠷᠡᠭᠲᠡᠢ ᠭᠡᠵᠡᠢ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号