ᠶᠡᠷᠦᠩᠬᠡᠶᠢᠯᠡᠭᠰᠡᠨ ᠲᠠᠪᠴᠠᠩ ᠤᠨ ᠥᠭᠡᠷᠡᠴᠢᠯᠡᠯᠲᠡ ᠬᠦᠨᠵᠡᠬᠡᠶᠢᠷᠡᠵᠦ ᠵᠠᠰᠠᠭ ᠤᠨ ᠶᠠᠪᠤᠳᠠᠯ ᠤᠨ ᠦᠢᠯᠡᠴᠢᠯᠡᠭᠡ ᠰᠠᠶᠢᠵᠢᠷᠠᠪᠠ
ᠨᠡᠶᠢᠲᠡᠯᠡᠭᠰᠡᠨ ᠴᠠᠭ᠄
2022/12/13
   ᠣᠶᠢᠷ᠎ᠠ ᠶᠢᠨ ᠵᠢᠯ ᠤᠳ ᠲᠤ᠂ ᠲᠠᠶᠢᠹᠤᠰᠧ  ᠬᠤᠰᠢᠭᠤ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠤᠨ ᠥᠭᠡᠷᠡᠴᠢᠯᠡᠯᠲᠡ ᠶᠢᠨ ᠠᠵᠢᠯ ᠢ ᠲᠠᠰᠤᠷᠠᠯᠲᠠ ᠦᠭᠡᠢ ᠠᠬᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠤᠷᠢᠲᠠᠯ ᠳᠣᠣᠷᠠᠬᠢ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠶᠢ ᠲᠦᠷᠭᠡᠳᠬᠡᠨ  ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠶᠢ  ᠲᠡᠭᠡᠭᠰᠢᠯᠡᠬᠦᠯᠵᠦ᠂ ᠠᠵᠤ ᠠᠬᠤᠶᠢᠯᠠᠯ ᠪᠠ  ᠠᠷᠠᠳ ᠢᠷᠭᠡᠳ ᠲᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ ᠠᠰᠢᠭ ᠬᠦᠷᠲᠡᠭᠡᠭᠰᠡᠨ ᠪᠠᠶᠢᠨ᠎ᠠ᠃     ᠰᠠᠶ᠋ᠢᠬᠠᠨ᠂  ᠡᠵᠡᠩᠨᠡᠯᠲᠡ ᠶᠢᠨ ᠦᠨᠡᠮᠯᠡᠯ ᠢᠶᠠᠨ ᠬᠦᠢᠴᠡᠳᠭᠡᠬᠦ ᠪᠠᠷ ᠢᠷᠡᠭᠰᠡᠨ ︽ᠯᠢ ᠹᠧᠢ ᠪᠠᠷᠢᠯᠭ᠎ᠠ ᠶᠢᠨ ᠬᠢᠵᠠᠭᠠᠷᠲᠤ ᠺᠣᠮᠫᠠᠨᠢ︾ ᠶᠢᠨ  ᠬᠠᠤᠯᠢ ᠶᠢᠨ ᠡᠷᠬᠡᠲᠡᠨ ᠯᠢᠦ ᠯᠢ ᠹᠧᠢ ᠲᠠᠪᠴᠠᠩ ᠤᠨ ᠠᠵᠢᠯᠲᠠᠨ ᠤ ᠬᠠᠪᠰᠤᠷᠤᠯᠭ᠎ᠠ ᠳᠣᠣᠷ᠎ᠠ᠂   ︽ ᠮᠦᠩᠭᠡ ᠰᠤᠪᠠᠭ  ︾ ᠢᠶᠠᠷ ᠳᠠᠮᠵᠢᠨ  ᠡᠷᠡᠮᠡᠯᠵᠡᠯ ᠳᠡᠪᠰᠢᠭᠦᠯᠵᠦ᠂  ᠬᠢᠨᠠᠨ ᠵᠥᠪᠰᠢᠶᠡᠷᠡᠭᠦᠯᠦᠭᠡᠳ᠂ ᠪᠣᠶ ᠪᠦᠬᠦᠢ ᠭᠠᠷ ᠭᠦᠢᠴᠡᠳᠬᠡᠯ ᠢᠶᠠᠨ ᠮᠠᠰᠢ ᠲᠦᠷᠭᠡᠨ ᠢᠶᠠᠷ ᠬᠢᠵᠦ  ᠲᠠᠭᠤᠰᠬᠠᠭᠰᠠᠨ ᠪᠠᠶᠢᠯ᠎ᠠ᠃ ᠲᠡᠷᠡᠪᠡᠷ᠄ ︽ᠪᠢ ᠡᠵᠡᠩᠨᠡᠯᠲᠡ ᠶᠢᠨ ᠦᠨᠡᠮᠯᠡᠯ ᠢᠶᠠᠨ ᠬᠦᠢᠴᠡᠳᠭᠡᠬᠦ ᠪᠠᠷ ᠢᠷᠡᠵᠡᠢ᠂  ᠠᠵᠢᠯᠳᠠᠨ ᠤ ᠬᠠᠪᠰᠤᠷᠤᠯᠭ᠎ᠠ ᠪᠠᠷ  ᠬᠤᠯᠪᠤᠭᠳᠠᠬᠤ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ ᠮᠠᠰᠢ ᠲᠦᠷᠭᠡᠨ ᠬᠦᠢᠴᠡᠳᠭᠡᠵᠦ ᠳᠠᠭᠤᠰᠬᠠᠪᠠ᠂ ᠶᠡᠷᠦᠩᠬᠡᠶᠢᠯᠡᠭᠰᠡᠨ  ᠲᠠᠪᠴᠠᠩ ᠤᠨ ︽ᠲᠤᠯᠤᠭ᠎ᠠ ᠶᠢ  ᠨᠢᠭᠡᠳᠭᠡᠭᠰᠡᠨ︾ ᠦᠢᠯᠡᠴᠢᠯᠡᠭᠡ ᠨᠢ ᠮᠠᠨ ᠤ ᠠᠵᠤ ᠠᠬᠤᠶᠢᠯᠠᠯ ᠤᠨ ᠬᠡᠷᠡᠭᠴᠡᠭᠡ ᠳᠤ ᠮᠠᠰᠢ ᠨᠡᠶᠢᠴᠡᠵᠦ᠂ ᠪᠢᠳᠡᠨ ᠳᠤ  ᠶᠡᠬᠡᠬᠡᠨ ᠲᠦᠭᠦᠮ ᠦᠵᠡᠬᠦᠯᠦᠭᠡᠳ᠂ ᠴᠠᠭ ᠬᠦᠴᠦ ᠶᠢ ᠠᠷᠪᠢᠯᠠᠭᠰᠠᠨ  ︾᠃    ᠨᠢᠭᠡ ᠶᠠᠪᠤᠳᠠᠯ ᠢ ᠪᠦᠲᠦᠭᠡᠬᠦ ᠳᠤ ᠣᠯᠠᠨ ᠲᠠᠪᠴᠠᠩ ᠢ ᠲᠠᠮᠵᠢᠬᠤ  ᠂ ᠶᠡᠭᠡ ᠬᠡᠮᠵᠢᠶᠡᠨ ᠤ ᠴᠠᠭ ᠪᠠ ᠬᠦᠴᠦ ᠵᠠᠷᠤᠴᠠᠭᠤᠯᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠬᠢᠨ ︽ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ﹇ ᠶᠡᠷᠦᠩᠬᠡᠶᠢᠯᠡᠭᠰᠡᠨ ᠲᠠᠪᠴᠠᠩ ᠤᠨ ᠦᠢᠯᠡᠴᠢᠯᠡᠭᠡ﹈   ᠶᠢ  ᠲᠦᠷᠢᠮᠵᠢᠬᠦᠯᠵᠦ ᠪᠠᠷᠢᠮᠵᠢᠶᠠᠵᠢᠭᠤᠯᠬᠤ ᠠᠵᠢᠯᠯᠠᠭᠠᠨ ᠤ ᠬᠡᠷᠡᠭᠵᠢᠭᠦᠯᠬᠦ  ᠲᠦᠰᠦᠪ︾  ᠶᠣᠰᠣᠭᠠᠷ᠂ ︽ᠶᠡᠷᠦᠩᠬᠡᠶᠢᠯᠡᠭᠰᠡᠨ ᠲᠠᠪᠴᠠᠩ ᠤᠨ ᠥᠭᠡᠷᠡᠴᠢᠯᠡᠯᠲᠡ︾ ᠶᠢᠨ ᠠᠵᠢᠯ ᠤᠨ ᠬᠠᠷᠠᠯᠲᠠ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ 11 ᠰᠠᠷ᠎ᠠ ᠶᠢᠨ ᠡᠬᠢ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠶᠡᠷᠦᠩᠬᠡᠶᠢᠯᠡᠭᠰᠡᠨ  ᠲᠠᠪᠴᠠᠩ ᠢ ᠲᠤᠬᠢᠷᠠᠭᠤᠯᠵᠤ ᠠᠵᠢᠯᠯᠠᠭᠰᠠᠨ ᠪᠠᠶᠢᠵᠠᠢ  ᠃     ᠶᠡᠷᠦᠩᠬᠡᠶᠢᠯᠡᠭᠰᠡᠨ ᠲᠠᠪᠴᠠᠩ ᠤᠨ ᠭᠤᠣᠯ ᠬᠠᠮᠢᠶᠠᠷᠤᠭᠴᠢ ᠸᠠᠩ ᠵᠢᠶᠠ ᠴᠢ᠄  ︽  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠶᠡᠷᠦᠩᠬᠡᠶᠢᠯᠡᠭᠰᠡᠨ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠠᠵᠢᠯ   ᠢ ᠨᠢᠭᠡᠨᠲᠡ ᠪᠥᠬᠦ ᠲᠠᠯ᠎ᠠ ᠪᠠᠷ ᠬᠢᠵᠦ ᠡᠬᠢᠯᠡᠭᠰᠡᠨ᠂ ᠣᠲᠣ ᠣᠯᠠᠨ ᠲᠦᠮᠡᠨ ᠨᠢᠭᠡ ᠯᠡ ᠤᠳᠠᠭ᠎ᠠ  ᠳ᠋ᠤᠭᠠᠷᠯᠠᠵᠤ᠂ ᠨᠢᠭᠡ  ᠯᠡ ᠲᠡᠭᠡᠷ᠎ᠡ ᠮᠠᠲ᠋ᠧᠷᠢᠶᠠᠯ   ᠢᠶᠠᠨ ᠲᠤᠰᠢᠶᠠᠭᠠᠳ᠂  ᠨᠢᠭᠡ ᠲᠠᠪᠴᠠᠩ ᠢᠶᠠᠷ ᠬᠢᠨᠠᠨ ᠵᠥᠪᠰᠢᠶᠡᠷᠡᠭᠦᠯᠵᠦ  ᠲᠤᠬᠠᠶᠢᠯᠠᠭᠰᠠᠨ ᠠᠵᠢᠯ ᠢᠶᠠᠨ  ᠬᠦᠢᠴᠡᠳᠭᠡᠵᠦ ᠪᠣᠯᠣᠨ᠎ᠠ᠃  ᠡᠷᠡᠮᠡᠯᠵᠡᠯ ᠤᠨ ᠮᠠᠲ᠋ᠧᠷᠢᠶᠠᠯ᠂ ᠰᠢᠢᠳᠪᠦᠷᠢᠯᠡᠬᠦ ᠴᠠᠭ ᠪᠠ ᠨᠠᠰᠢ ᠴᠠᠰᠢ ᠬᠦᠶᠦᠬᠦ ᠤᠳᠠᠭ᠎ᠠ ᠲᠠᠷᠠᠭ᠎ᠠ ᠨᠢ ᠶᠡᠭᠡ ᠪᠠᠷ ᠪᠠᠭᠠᠰᠴᠤ᠂ ᠠᠵᠢᠯ ᠤᠨ ᠦᠷ᠎ᠡ ᠪᠦᠲᠦᠮᠵᠢ  ᠶᠡᠭᠡ ᠪᠠᠷ  ᠲᠡᠭᠡᠭᠰᠢᠯᠡᠵᠡᠢ︾᠃    ᠣᠶᠢᠯᠠᠭᠠᠭᠰᠠᠨ ᠢᠶᠠᠷ᠂ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠢ᠂ ᠵᠠᠮ ᠬᠠᠷᠢᠯᠴᠠᠭ᠎ᠠ᠂ ᠨᠠᠪᠴᠢᠨ ᠲᠠᠮᠠᠬᠢ᠂ ᠡᠷᠡᠭᠦᠯ ᠬᠠᠮᠠᠭᠠᠯᠠᠯ ᠵᠡᠷᠭᠡ 30 ᠰᠠᠯᠠᠭ᠎ᠠ ᠮᠥᠴᠢᠷ ᠤᠨ 600 ᠭᠠᠷᠤᠢ ᠶᠠᠪᠤᠳᠠᠯ ᠳᠤ ᠴᠢᠭᠯᠡᠭᠦᠯᠦᠨ᠂  ᠲᠠᠪᠤᠨ ᠶᠡᠷᠦᠩᠬᠡᠶᠢᠯᠡᠭᠰᠡᠨ ᠲᠠᠪᠴᠠᠩ ᠭᠠᠷᠭᠠᠵᠤ᠂ ᠣᠯᠠᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ ᠨᠢᠭᠡ ᠯᠡ ᠲᠠᠪᠴᠠᠩ   ᠳᠤ ᠨᠡᠶᠢᠳᠡᠮ ᠬᠦᠢᠴᠡᠳᠭᠡᠵᠦ ᠪᠤᠢ᠃ ᠲᠠᠷᠠᠭᠠᠴᠢ ᠶᠢᠨ ᠠᠯᠬᠤᠮ ᠳᠤ᠂  ᠲᠤᠰ ᠬᠤᠰᠢᠭᠤ ᠨᠢ ︽ᠶᠡᠷᠦᠩᠬᠡᠶᠢᠯᠡᠭᠰᠡᠨ ᠲᠠᠪᠴᠠᠩ︾  ᠤᠨ ᠠᠵᠢᠯ ᠤᠨ ᠠᠭᠤᠯᠭ᠎ᠠ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂  ᠵᠥᠪᠯᠡᠯᠭᠡ ᠥᠭᠬᠦ᠂  ᠬᠦᠳᠦᠯᠦᠨ ᠵᠢᠯᠤᠭᠤᠳᠬᠤ᠂ ᠬᠠᠪᠰᠤᠷᠤᠨ ᠭᠦᠢᠴᠡᠳᠬᠡᠬᠦ  ᠂ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡᠨ ᠤ ᠠᠷᠭ᠎ᠠ ᠪᠠᠷᠢᠯ ᠢ ᠴᠢᠩᠭᠠᠳᠬᠠᠵᠤ᠂ ᠣᠯᠠᠨ ᠲᠦᠮᠡᠨ ᠤ ᠱᠠᠭᠠᠷᠳᠠᠯᠭ᠎ᠠ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠂ ᠨᠠᠩ ᠣᠯᠠᠨ ᠠᠵᠤ ᠠᠬᠤᠶᠢᠯᠠᠯ ᠪᠠ ᠣᠯᠠᠨ ᠲᠦᠮᠡᠨ ᠳᠤ ︽ᠶᠡᠷᠦᠩᠬᠡᠶᠢᠯᠡᠭᠰᠡᠨ ᠲᠠᠪᠴᠠᠩ︾ ᠤᠨ  ᠦᠨᠡᠨ ᠪᠤᠳᠠᠳᠠᠢ ᠠᠰᠢᠭ ᠲᠤᠰᠠ ᠶᠢ ᠬᠦᠷᠳᠡᠭᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号