ᠭᠡᠷ ᠲᠡᠭᠡᠨ ᠶᠠᠮᠠᠷ ᠡᠮ ᠪᠡᠯᠡᠳᠬᠡᠪᠡᠯ ᠵᠣᠬᠢᠬᠤ ᠪᠤᠢ︖ ᠲᠤᠰᠬᠠᠶ ᠮᠡᠷᠭᠡᠵᠢᠯᠲᠡᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2022/12/13
  ᠳᠤᠮᠳᠠᠳᠤ ᠤᠯᠤᠰ ᠤᠨ ᠬᠢᠲᠠᠳ ᠡᠮ ᠡᠮᠨᠡᠯᠭᠡ ᠶᠢᠨ ᠴᠢᠨᠠᠭᠰᠢᠲᠠ ᠰᠤᠷᠭᠠᠨ ᠬᠥᠮᠦᠵᠢᠯ ᠤᠨ ᠣᠶᠤᠨ ᠤ ᠬᠥᠮᠥᠷᠭᠡ ᠶᠢᠨ ᠭᠠᠳᠠᠭᠠᠳᠤ ᠳᠠᠬᠢ ᠣᠨᠴᠠ ᠤᠷᠢᠭᠰᠠᠨ ᠲᠤᠰᠬᠠᠶ  ᠮᠡᠷᠭᠡᠵᠢᠯᠲᠡᠨ  ᠳ᠋ᠦᠩ  ᠶᠠ  ᠹᠧᠩ᠄  ︽ᠨᠦᠭᠡᠴᠡᠯᠡᠬᠦ︾   ᠬᠡᠷᠡᠭ  ᠥᠬᠡᠶ᠂ ︽ᠪᠡᠯᠡᠳᠬᠡᠬᠦ︾  ᠪᠣᠯ  ᠴᠢᠬᠤᠯᠠᠲᠠᠶ  ᠶᠤᠮ᠃  ᠦᠷᠭᠦᠯᠵᠢ  ᠵᠢᠭᠠᠬᠠᠨ  ᠡᠮ  ᠪᠡᠯᠡᠳᠬᠡᠬᠦ ᠨᠢ  ᠨᠠᠮᠤᠷ  ᠡᠪᠦᠯ ᠤᠨ  ᠤᠯᠠᠷᠢᠯ ᠳᠤ ᠴᠢᠬᠤᠯᠠ ᠲᠠᠢ ᠶᠤᠮ᠂ ᠬᠡᠳᠦᠨ ᠡᠳᠦᠷ ᠤᠨ ᠬᠢ ᠶᠢ ᠪᠡᠯᠡᠳᠬᠡᠪᠡᠯ ᠪᠣᠯᠴᠢᠬᠠᠨ᠎ᠠ ᠭᠡᠵᠦ ᠬᠡᠯᠡᠪᠡ᠃ ᠦᠬᠠᠨ ᠤ ᠲᠦᠩ ᠵᠢᠶ ᠡᠮᠨᠡᠯᠭᠡ ᠶᠢᠨ ᠬᠤᠷᠢᠶᠠᠨ ᠤ ᠠᠮᠢᠰᠬᠤᠯ ᠪᠣᠯᠤᠨ  ᠬᠦᠨᠳᠦ  ᠲᠦᠭᠰᠢᠭᠦᠷᠢᠲᠡᠶ  ᠡᠪᠡᠳᠴᠢᠨ ᠤ ᠠᠨᠠᠭᠠᠬᠤ ᠤᠬᠠᠭᠠᠨ ᠤ ᠰᠠᠯᠠᠭᠠᠨ ᠤ ᠡᠷᠬᠢᠯᠡᠭᠴᠢ ᠡᠮᠴᠢ ᠯᠢᠦ ᠬᠤᠶ ᠭᠦᠸᠧ ᠫᠷᠤᠹᠧᠰᠰᠤᠷ  ᠢᠯᠡᠷᠬᠡᠶᠢᠯᠡᠬᠦ ᠳᠡᠭᠡᠨ᠂  ᠸᠢᠷᠦ᠋ᠰ ᠤᠨ ᠬᠠᠯᠳᠠᠪᠤᠷᠢᠯᠠᠯ  ᠳᠤ ᠴᠢᠭᠯᠡᠭᠦᠯᠦᠨ ᠣᠯᠠᠩᠬᠢ ᠳᠠᠭᠠᠨ ᠡᠪᠡᠳᠴᠢᠨ ᠳᠤᠨᠢ ᠲᠣᠬᠢᠷᠠᠭᠤᠯᠤᠨ ᠡᠮᠨᠡᠨ ᠵᠠᠰᠠᠬᠤ ᠠᠷᠭ᠎ᠠ ᠶᠢ  ᠬᠡᠷᠡᠭᠯᠡᠳᠡᠭ᠂ ᠡᠮ ᠤᠨ ᠣᠶᠢᠯᠡᠳᠣᠯ ᠨᠢ ᠭᠤᠤᠯᠳᠠᠭᠤ ᠡᠪᠡᠳᠴᠢᠨ ᠤ ᠢᠯᠡᠷᠡᠯ ᠢ  ᠳᠠᠷᠤᠬᠤ  ᠪᠣᠯᠤᠨ᠎ᠠ᠃  ᠡᠪᠡᠳᠴᠢᠨ ᠤ ᠢᠯᠡᠷᠡᠯ  ᠭᠠᠷᠤᠭᠰᠠᠨ ᠡᠬᠢᠨ ᠤ ᠬᠤᠭᠤᠴᠠᠭᠠᠨ ᠳᠤ᠂ ᠳᠠᠷᠤᠢ ᠲᠦᠷᠭᠡᠨ  ᠡᠪᠡᠳᠴᠢᠨ ᠳᠤᠨᠢ ᠲᠤᠬᠢᠷᠠᠭᠤᠯᠵᠦ ᠡᠮᠨᠡᠨ ᠵᠠᠰᠠᠨ᠎ᠠ᠂  ᠡᠮ  ᠪᠡᠯᠡᠳᠬᠡᠬᠦ ᠳᠤ ︽ᠭᠤᠣᠯᠳᠠᠯᠭ᠎ᠠ ᠪᠠᠨ ᠠᠳᠬᠤᠵᠦ︾᠂ ᠡᠪᠡᠳᠴᠢᠨ ᠳᠤᠨᠢ ᠲᠤᠬᠢᠷᠠᠭᠤᠯᠵᠦ ᠡᠮ ᠪᠡᠯᠡᠳᠬᠡᠨ᠎ᠡ ᠭᠡᠵᠡᠢ᠃  ᠰᠠᠭᠤᠷᠢ ᠡᠪᠡᠳᠴᠢᠨ ᠤ  ᠡᠮ᠄  ᠰᠢᠨ᠎ᠡ  ᠲᠢᠲᠢᠮᠯᠢᠭ  ᠠᠭᠤᠰᠬᠢᠨ  ᠦᠷᠪᠢᠰᠦᠯ ᠳᠤ  ᠬᠠᠯᠳᠠᠪᠤᠷᠢᠯᠠᠭᠳᠠᠪᠠᠯ  ᠤᠵᠢᠭ ᠡᠪᠡᠳᠴᠢᠨ᠂ ᠰᠠᠭᠤᠷᠢ ᠡᠪᠡᠳᠴᠢᠨ ᠤ ᠪᠠᠶᠢᠳᠠᠯ ᠬᠦᠨᠳᠦᠷᠡᠵᠦ  ᠮᠡᠳᠡᠨ᠎ᠡ᠂  ᠵᠢᠱᠢᠶᠡᠯᠡᠪᠡᠯ  ᠵᠢᠷᠦᠬᠡᠨ  ᠡᠪᠡᠳᠴᠢᠨ ᠲᠠᠢ  ᠨᠠᠰᠤᠲᠠᠨ ᠵᠢᠷᠦᠬᠡ ᠪᠠᠵᠠᠯᠠᠵᠤ ᠡᠪᠡᠳᠬᠦ᠂ ᠴᠢᠰᠤᠨ ᠰᠢᠬᠢᠷ ᠢ ᠡᠩ ᠤᠨ ᠦᠶ᠎ᠡ ᠳᠤ ᠰᠠᠶᠢᠨ ᠬᠢᠵᠠᠭᠠᠷᠯᠠᠵᠤ  ᠲᠡᠶᠢᠯᠳᠡᠭ  ᠥᠬᠡᠶ  ᠨᠠᠰᠤᠲᠠᠨ ᠤ ᠡᠪᠡᠳᠴᠢᠨ ᠨᠢ ᠤᠯᠠᠮ ᠬᠦᠨᠳᠦᠷᠡᠵᠦ ᠮᠡᠳᠡᠨ᠎ᠡ᠃ ᠡᠶᠢᠮᠦ ᠠᠴᠠ᠂  ᠰᠠᠭᠤᠷᠢ ᠡᠪᠡᠳᠴᠢᠨ ᠲᠠᠢ ᠬᠥᠮᠦᠨ ᠡᠳᠦᠷ ᠪᠦᠷᠢ ᠵᠠᠪᠠᠯ ᠡᠮ ᠢᠶᠠᠨ ᠵᠢᠮ᠎ᠡ ᠶᠣᠰᠣ ᠲᠠᠢ ᠬᠡᠷᠡᠭᠯᠡᠵᠦ᠂ ᠡᠪᠡᠳᠴᠢᠨ ᠤ ᠪᠠᠶᠢᠳᠠᠯ ᠢᠶᠠᠨ ᠰᠠᠶᠢᠲᠤᠷ ᠬᠢᠵᠠᠭᠠᠷᠯᠠᠵᠤ᠂  ᠬᠡᠷ ᠲᠡᠭᠡᠨ  ᠨᠢᠭᠡ  ᠰᠠᠷ᠎ᠠ ᠣᠷᠴᠢᠮ ᠤᠨ ᠰᠠᠭᠤᠷᠢ ᠡᠪᠡᠳᠴᠢᠨ ᠳᠤ ᠬᠡᠷᠡᠭᠯᠡᠬᠦ ᠡᠮ ᠢᠶᠠᠨ ᠪᠡᠯᠡᠳᠭᠡᠬᠦ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号