ᠤᠯᠠᠮᠵᠢᠯᠠᠯᠳᠤ ᠵᠠᠩ ᠦᠢᠯᠡ — ᠤᠷᠤᠭ ᠬᠤᠷᠢᠮ ᠤᠨ ᠶᠤᠰᠤᠨ
ᠨᠡᠶᠢᠲᠡᠯᠡᠭᠰᠡᠨ ᠴᠠᠭ᠄
2022/12/13
   ᠮᠤᠩᠭᠤᠯ ᠦᠨᠳᠦᠰᠦᠳᠡᠨ ᠤ ᠠᠮᠢᠳᠤᠷᠠᠯ ᠤᠨ ᠠᠯᠢᠪᠠ ᠵᠠᠩ ᠲᠠᠳᠬᠠᠯ ᠦᠨᠳᠦᠰᠦᠨ ᠳᠡᠭᠡᠨ ᠠᠳᠠᠯᠢᠪᠳᠤᠷ ᠪᠠᠶᠢᠳᠠᠭ ᠪᠤᠯᠪᠠᠴᠤ ᠡᠯ᠎ᠡ ᠠᠶᠢᠮᠠᠭ ᠤᠭᠰᠠᠭ᠎ᠠ᠂ ᠭᠠᠵᠠᠷ ᠤᠷᠤᠨ ᠤ ᠵᠠᠩ ᠲᠠᠳᠬᠠᠯ ᠨᠢ  ᠬᠤᠭᠤᠷᠤᠨᠳᠤ ᠪᠠᠨ ᠪᠠᠰᠠ ᠨᠡᠯᠢᠶᠡᠳ ᠵᠦᠷᠢᠶ᠎ᠡ ᠲᠠᠢ ᠪᠠᠶᠢᠳᠠᠭ᠃ ᠲᠠᠶᠢᠹᠤᠰᠧ ᠬᠤᠰᠢᠭᠤ ᠪᠤᠯ ᠤᠤᠯ ᠤᠨ ᠴᠠᠬᠠᠷ ᠨᠠᠢᠮᠠᠨ ᠬᠤᠰᠢᠭᠤᠨ ᠤ ᠬᠦᠪᠡᠭᠡᠳᠦ ᠰᠢᠷ᠎ᠠ᠂  ᠬᠦᠯᠦ ᠴᠠᠭᠠᠨ᠂ ᠬᠦᠪᠡᠭᠡᠳᠦ ᠴᠠᠭᠠᠨ᠂ ᠬᠦᠯᠦ ᠬᠦᠭᠡ ᠵᠡᠷᠭᠡ ᠵᠡᠬᠦᠨ ᠭᠠᠷ ᠤᠨ ᠲᠦᠷᠪᠡᠨ ᠬᠤᠰᠢᠭᠤ ᠠᠴᠠ ᠠᠶᠢᠯ ᠡᠷᠦᠬᠡ ᠲᠠᠳᠠᠵᠤ ᠪᠠᠶᠢᠭᠤᠯᠤᠭᠰᠠᠨ ᠪᠤᠯᠬᠤᠷ ᠡᠯ᠎ᠡ ᠬᠤᠰᠢᠭᠤᠳ ᠤᠨ ᠵᠠᠩ ᠦᠢᠯᠡ ᠶᠢᠨ ᠬᠤᠭᠤᠷᠤᠨᠳᠤᠬᠢ ᠵᠦᠷᠢᠶ᠎ᠡ ᠴᠤ ᠨᠡᠯᠢᠶᠡᠳ  ᠢᠯᠡᠬᠡᠨ ᠬᠠᠷᠠᠭᠳᠠᠳᠠᠭ᠃ ᠲᠠᠶᠢᠹᠤᠰᠧᠴᠤᠳ  ︽ᠬᠦᠦ ᠦᠰᠪᠡᠯ ᠪᠡᠷᠢ ᠪᠠᠭᠤᠯᠭᠠᠵᠤ᠂ ᠬᠡᠦᠬᠡᠨ ᠦᠰᠪᠡᠯ ᠬᠠᠷᠢ ᠳᠤ ᠪᠤᠭᠳᠤᠯᠠᠬᠤ︾ ᠵᠢᠮ᠎ᠡ ᠬᠠᠤᠯᠢ   ᠶᠢ ᠶᠡᠬᠡᠳᠡ ᠶᠤᠰᠤᠷᠬᠠᠭ ᠬᠦᠢᠴᠡᠳᠭᠡᠳᠡᠭ ᠪᠦᠬᠡᠳ ᠰᠠᠶᠢᠨ ᠰᠠᠶᠢᠬᠠᠨ ᠤ ᠪᠡᠯᠭᠡ ᠲᠡᠮᠪᠡᠷᠢᠯ᠂ ᠦᠷ᠎ᠡ ᠬᠡᠦᠭᠡᠳ ᠤᠨ ᠢᠶᠠᠨ ᠨᠢᠬᠡ ᠨᠠᠰᠤᠨ ᠤ ᠬᠤᠪᠢ ᠵᠠᠶᠠᠭ᠎ᠠ ᠦᠨᠢᠳᠡ  ᠦᠬᠡᠳᠡᠯᠡᠵᠦ ᠡᠩᠬᠡᠵᠢᠨ ᠲᠡᠭᠵᠢᠷᠡᠵᠦ ᠶᠠᠪᠤᠬᠤ ᠶᠢ ᠵᠦᠩᠨᠡᠨ ᠪᠡᠯᠭᠡᠰᠢᠶᠡᠬᠦ ᠶᠢ ᠤᠨᠴᠠ ᠡᠷᠬᠢᠮᠯᠡᠳᠡᠭ᠃  ᠬᠦᠪᠡᠬᠦᠨ ᠠᠷᠪᠠᠨ ᠨᠠᠢᠮᠠ  ᠂  ᠦᠬᠢᠨ ᠠᠷᠪᠠᠨ ᠵᠢᠷᠭᠤᠭᠠᠨ ᠪᠦᠬᠦᠯᠢ ᠨᠠᠰᠤ ᠬᠦᠷᠪᠡᠯ ᠤᠷᠤᠭ ᠬᠤᠯᠪᠤᠵᠤ  ᠠᠶᠢᠯ ᠭᠡᠷ ᠪᠤᠯᠤᠯᠴᠠᠨ᠎ᠠ᠃        2008 ᠤᠨ ᠳᠤ ᠲᠠᠶᠢᠹᠤᠰᠧ ᠬᠤᠰᠢᠭᠤ  ᠲᠠᠶᠢᠹᠤᠰᠧ ᠤᠷᠤᠭ ᠬᠤᠷᠢᠮ ᠤᠨ ᠵᠠᠩ ᠦᠢᠯᠡ ᠶᠢ ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠲᠤ  ᠪᠦᠷᠢᠳᠭᠡᠬᠦᠯᠵᠦ᠂  ᠡᠷᠳᠡᠨᠢᠪᠠᠭᠠᠳᠤᠷ ᠠᠶᠢᠮᠠᠭ ᠤᠨ ᠲᠡᠰ  ᠤᠨ ᠦᠪᠯᠡᠨ ᠤᠯᠠᠮᠵᠢᠯᠠᠭᠴᠢ ᠪᠤᠯᠤᠭᠰᠠᠨ ᠪᠠᠶᠢᠨ᠎ᠠ᠃           ᠤᠯᠠᠮᠵᠢᠯᠠᠭᠴᠢ   ᠶᠢᠨ ᠲᠤᠪᠴᠢ ᠲᠠᠨᠢᠯᠴᠠᠭᠤᠯᠭ᠎ᠠ᠄  ᠡᠷᠳᠡᠨᠢᠪᠠᠭᠠᠳᠤᠷ  ᠂ ᠡᠷᠡᠭᠳᠡᠢ᠂ ᠮᠤᠩᠭᠤᠯ  ᠦᠨᠳᠦᠰᠦᠳᠡᠨ᠂ 1967 ᠤᠨ ᠳᠤ ᠲᠦᠷᠦᠪᠡ᠃  ᠲᠠᠶᠢᠹᠤᠰᠧ ᠬᠤᠰᠢᠭᠤᠨ ᠤ  ᠬᠦᠨᠪᠤᠯᠠᠭ ᠰᠤᠮᠤᠨ ᠤ ᠬᠦᠮᠦᠨ᠃ 1989 ᠤᠨ ᠳᠤ ᠰᠤᠷᠭᠠᠭᠤᠯᠢ ᠲᠡᠬᠦᠰᠦᠨ  ᠂ ᠲᠠᠶᠢᠹᠤᠰᠧ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠲᠤᠪᠴᠢᠶ᠎ᠠ ᠳᠤ ᠠᠵᠢᠯ ᠤᠨ ᠬᠤᠪᠢᠶᠠᠷᠢ ᠠᠪᠴᠠᠢ᠃  ᠠᠵᠢᠯ ᠤᠨ  ᠴᠢᠯᠦᠬᠡ ᠪᠠᠷ ᠢᠶᠠᠨ ᠨᠤᠳᠤᠭ ᠤᠰᠤᠨ ᠤ ᠪᠠᠨ ᠬᠤᠷᠢᠮ ᠨᠠᠶᠢᠷ ᠲᠤ ᠲᠠᠭᠠᠭᠠᠮᠠᠯ   ᠢᠶᠠᠷ ᠵᠠᠯᠠᠭᠳᠠᠵᠤ ᠶᠠᠪᠤᠬᠤ ᠵᠠᠭᠤᠷ᠎ᠠ᠂ ᠴᠠᠬᠠᠷ ᠤᠷᠤᠭ ᠬᠤᠷᠢᠮ  ᠤᠨ ᠵᠠᠩ ᠦᠢᠯᠡ   ᠶᠢ  ᠤᠯᠠᠮ ᠬᠦᠨᠵᠡᠬᠡᠢ ᠰᠤᠳᠤᠯᠤᠨ ᠰᠢᠨᠵᠢᠯᠡᠵᠦ᠂  ᠡᠨᠡ  ᠲᠠᠯᠠᠪᠠᠷ ᠶᠡᠭᠡ ᠬᠡᠮᠵᠢᠶᠡᠨ ᠤ ᠲᠤᠷᠰᠢᠯᠭ᠎ᠠ ᠪᠠᠷᠢᠯ ᠢ ᠬᠤᠷᠠᠮᠳᠤᠭᠤᠯᠤᠭᠰᠠᠨ ᠪᠠᠶᠢᠨ᠎ᠠ᠃  ᠲᠡᠷᠡᠪᠡᠷ  ᠮᠤᠩᠭᠤᠯ ᠦᠨᠳᠦᠰᠦᠳᠡᠨ ᠤ ᠵᠠᠩ ᠦᠢᠯᠡ ᠶᠢ ᠤᠯᠠᠮᠵᠢᠯᠠᠨ  ᠬᠦᠭᠵᠢᠬᠦᠯᠬᠦ  ᠲᠡᠭᠡᠷ᠎ᠡ ᠢᠮᠠᠭᠳᠠ ᠰᠠᠨᠠᠭ᠎ᠠ ᠲᠠᠯᠪᠢᠵᠤ  ᠬᠦᠴᠦ  ᠤᠷᠤᠭᠤᠯᠤᠨ᠂ 2014 ᠤᠨ ᠳᠤ ︽ᠲᠠᠶᠢᠹᠤᠰᠧ ᠮᠤᠩᠭᠤᠯ ᠵᠠᠩ ᠦᠢᠯᠡ ᠶᠢᠨ ᠨᠡᠶᠢᠬᠡᠮᠯᠢᠭ︾ ᠢ  ᠡᠬᠦᠰᠭᠡᠨ ᠪᠠᠶᠢᠭᠤᠯᠤᠭᠰᠠᠨ   ᠤ ᠬᠠᠮᠳᠤ ᠬᠡᠪᠯᠡᠯ ᠵᠤᠭᠰᠤᠭᠠᠳ ᠭᠤᠴᠢ ᠰᠢᠬᠠᠮ ᠵᠢᠯ ᠪᠤᠯᠤᠭ᠎ᠠ ︽ᠬᠦᠨᠪᠤᠯᠠᠭ︾ ᠰᠡᠳᠬᠦᠯ ᠢ ᠰᠡᠷᠬᠦᠬᠡᠨ ᠨᠠᠶᠢᠷᠠᠭᠤᠯᠵᠤ᠂   ᠰᠤᠶᠤᠯ  ᠤᠨ ᠢᠶᠠᠨ ᠰᠦᠮᠪᠦᠷ ᠤᠪᠤᠭᠠᠨ ᠳᠤ ᠴᠢᠯᠠᠭᠤ  ᠨᠡᠮᠡᠵᠦ᠂  ᠠᠵᠢᠯ ᠦᠢᠯᠡᠰ ᠲᠡᠭᠡᠨ ᠴᠢᠷᠮᠠᠶᠢᠯᠳᠠ   ᠲᠠᠢ᠂  ᠤᠰᠤ ᠨᠤᠳᠤᠭ   ᠲᠠᠭᠠᠨ ᠵᠢᠳᠬᠦᠯ ᠲᠠᠢ ᠶᠠᠪᠤᠨ᠎ᠠ᠃  
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号