ᠲᠠᠶᠢᠹᠤᠰᠧ ᠬᠤᠰᠢᠭᠤ ᠡᠮ ᠤᠨ ᠵᠦᠢᠯ ᠤᠨ ᠦᠨ᠎ᠡ ᠬᠠᠩᠰᠢ ᠶᠢ ᠴᠢᠩᠭ᠎ᠠ ᠬᠢᠨᠠᠨ ᠪᠠᠶᠢᠴᠠᠭᠠᠵᠤ ᠪᠠᠶᠢᠨ᠎ᠠ
ᠨᠡᠶᠢᠲᠡᠯᠡᠭᠰᠡᠨ ᠴᠠᠭ᠄
2022/12/14
  ᠣᠶᠢᠷ᠎ᠠ ᠶᠢᠨ ᠬᠤᠭᠤᠴᠠᠭᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠬᠦᠯᠦᠨ ᠲᠤᠬᠢᠷᠠᠭᠤᠯᠤᠭᠰᠠᠨ ᠠᠴᠠ ᠬᠤᠶᠢᠰᠢ᠂  ᠡᠮ ᠤᠨ ᠵᠦᠢᠯ ᠪᠠ ᠬᠢᠵᠢᠭ ᠰᠡᠷᠭᠡᠶᠢᠯᠡᠬᠦ ᠡᠳ᠋ ᠪᠣᠳᠠᠰ ᠤᠨ ᠦᠨ᠎ᠡ ᠬᠠᠩᠰᠢ ᠳᠤ ᠬᠡᠯᠪᠡᠯᠵᠡᠯ ᠭᠠᠷᠬᠤ ᠬᠠᠨᠳᠤᠰᠢ ᠲᠠᠢ ᠪᠤᠯᠵᠠᠢ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠨᠠᠭᠰᠢᠳᠠ ᠲᠦᠷᠢᠮᠵᠢᠬᠦᠯᠵᠦ᠂ ᠡᠮ ᠤᠨ ᠵᠦᠢᠯ ᠤᠨ ᠦᠨ᠎ᠡ ᠬᠠᠩᠰᠢ ᠶᠢᠨ ᠲᠣᠭᠲᠠᠭᠤᠨ ᠢ ᠪᠠᠲᠤᠯᠠᠬᠤ ᠶᠢᠨ ᠲᠥᠯᠥᠭᠡ᠂ 12 ᠰᠠᠷ᠎ᠠ ᠶᠢᠨ 13 ᠤ ᠡᠳᠦᠷ ᠠᠴᠠ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠨᠢ ᠡᠮ ᠤᠨ ᠵᠦᠢᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠢᠨᠠᠨ ᠪᠠᠶᠢᠴᠠᠭᠠᠬᠤ ᠠᠵᠢᠯ  ᠦᠷᠨᠢᠬᠦᠯᠪᠡ᠃ ᠠᠵᠢᠯᠳᠠᠳ ᠭᠤᠤᠯᠳᠠᠭᠤ ᠡᠮ ᠤᠨ ᠳᠡᠯᠭᠡᠭᠦᠷ ᠲᠠᠬᠢ ᠬᠢᠵᠢᠭ ᠰᠡᠷᠭᠡᠶᠢᠯᠡᠬᠦ ᠡᠮ ᠤᠨ ᠵᠦᠢᠯ ᠪᠠ ᠡᠮᠴᠢᠯᠡᠭᠡᠨ ᠤ ᠬᠡᠷᠡᠭᠰᠡᠯ ᠤᠨ ᠦᠨ᠎ᠡ ᠬᠠᠩᠰᠢ ᠳᠤ ᠪᠠᠶᠢᠴᠠᠭᠠᠯᠲᠠ ᠬᠢᠵᠦ᠂ ᠦᠨ᠎ᠡ ᠬᠠᠩᠰᠢ ᠶᠢ ᠨᠢᠭᠤᠵᠤ ᠲᠠᠯᠳᠠᠯᠠᠬᠤ᠂ ᠦᠨ᠎ᠡ ᠬᠠᠩᠰᠢ ᠶᠢ ᠳᠦᠷᠭᠢᠯᠳᠦᠨ ᠦᠰᠭᠡᠬᠦ᠂ ᠦᠨ᠎ᠡ ᠬᠠᠩᠰᠢ ᠶᠢᠨ ᠮᠡᠬᠡᠯᠡᠯ ᠬᠢᠬᠦ᠂ ᠠᠯᠪᠠᠳᠠᠯᠭ᠎ᠠ ᠪᠠᠷ ᠳᠠᠭᠠᠯᠳᠤᠭᠤᠯᠤᠨ ᠬᠤᠳᠠᠯᠳᠤᠬᠤ ᠵᠡᠷᠭᠡ ᠬᠠᠤᠯᠢ ᠲᠦᠷᠢᠮ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ  ᠪᠠᠶᠢᠴᠠᠭᠠᠬᠤ ᠶᠢᠨ ᠲᠠᠭᠠᠤ᠂  ᠡᠮ ᠤᠨ ᠳᠡᠯᠭᠡᠭᠦᠷ ᠤᠳ ᠲᠤ ᠡᠮ ᠤᠨ ᠵᠦᠢᠯ᠂ ᠡᠮᠨᠡᠯᠭᠡ ᠶᠢᠨ ᠪᠤᠳᠠᠰ ᠤᠨ  ᠦᠨ᠎ᠡ ᠬᠠᠩᠰᠢ  ᠶᠢᠨ ᠲᠤᠭᠳᠠᠭᠤᠨ ᠢ ᠪᠠᠲᠤᠯᠠᠬᠤ ᠬᠡᠷᠡᠭᠲᠡᠢ᠂   ᠦᠨ᠎ᠡ ᠬᠠᠩᠰᠢ ᠶᠢ ᠲᠤᠷ᠎ᠠ ᠪᠠᠷ ᠢᠶᠠᠨ ᠥᠰᠬᠡᠵᠦ ᠪᠣᠯᠬᠤ ᠦᠭᠡᠢ᠂   ᠴᠤᠤᠷᠬᠠᠯ ᠲᠠᠷᠬᠵᠠᠭᠠᠵᠤ ᠦᠨ᠎ᠡ ᠶᠢ ᠦᠰᠭᠡᠨ᠂ ᠵᠠᠪᠰᠢᠶᠠᠨ ᠲᠠᠯᠢᠮᠳᠠᠭᠤᠯᠵᠤ ᠠᠰᠢᠭ ᠤᠯᠬᠤ ᠶᠢ ᠴᠠᠭᠠᠵᠠᠯᠠᠬᠤ ᠭᠡᠷᠡᠭᠳᠡᠢ᠂  ᠦᠨ᠎ᠡ ᠬᠠᠩᠰᠢ ᠶᠢ ᠢᠯᠡ ᠬᠠᠳᠠᠬᠤ ᠳᠦᠷᠢᠮ ᠢ ᠨᠠᠶᠢᠳᠠᠪᠤᠷᠢᠵᠢᠭᠤᠯᠵᠤ᠂ ᠬᠠᠲᠠᠭᠰᠠᠨ ᠠᠭᠤᠯᠭ᠎ᠠ ᠨᠢ ᠦᠨᠡᠨ ᠪᠣᠳᠠᠲᠠᠢ ᠪᠥᠭᠡᠳ ᠢᠯᠡ ᠲᠣᠳᠣᠷᠬᠠᠢ ᠪᠠᠶᠢᠬᠤ ᠶᠢ ᠪᠠᠳᠤᠯᠠᠨ᠂ ᠦᠨᠡᠨᠴᠢ ᠢᠲᠡᠭᠡᠮᠵᠢᠲᠡᠢ ᠬᠠᠤᠯᠢ ᠶᠣᠰᠣᠭᠠᠷ ᠡᠵᠡᠩᠨᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠬᠦᠢᠴᠡᠳᠭᠡᠨ᠂ ᠵᠠᠬ᠎ᠠ ᠳᠡᠯᠭᠡᠭᠦᠷ ᠤᠨ ᠡᠮᠬᠢ ᠲᠢᠭᠯᠡᠮ ᠢ ᠬᠠᠮᠠᠭᠠᠯᠠᠬᠤ ᠭᠡᠷᠡᠭᠳᠡᠢ ᠬᠡᠵᠦ ᠰᠠᠨᠠᠭᠤᠯᠵᠤ ᠱᠠᠭᠠᠷᠳᠠᠭᠰᠠᠨ ᠪᠠᠶᠢᠨ᠎ᠠ᠃       ᠪᠤᠤᠴᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠪᠤᠷᠢ ᠶᠢᠨ ᠳᠠᠷᠤᠭ᠎ᠠ ᠮᠠ ᡁᠢ ᠪᠢᠶᠣᠣ᠄ ︽ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠡᠮ ᠲᠠᠩ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠪᠢᠳᠡ ᠵᠢᠩᠬᠢᠨᠢ ᠡᠮ ᠤᠨ ᠳᠡᠯᠭᠡᠭᠦᠷ ᠵᠡᠷᠭᠡ ᠬᠠᠤᠯᠢ ᠶᠣᠰᠣᠨ ᠤ ᠠᠷᠭ᠎ᠠ ᠵᠠᠮ ᠢᠶᠠᠷ ᠡᠮ ᠤᠨ ᠵᠦᠢᠯ  ᠪᠠ ᠡᠮᠨᠡᠯᠭᠡ ᠶᠢᠨ ᠭᠡᠷᠡᠭᠰᠡᠯ  ᠬᠤᠳᠠᠯᠳᠤᠨ ᠠᠪᠬᠤ ᠬᠡᠷᠡᠭᠲᠡᠢ᠂ ᠬᠤᠪᠢ ᠬᠥᠮᠥᠨ ᠪᠤᠶᠤ ︽ᠨᠠᠶᠢᠵᠠ ᠶᠢᠨ ᠲᠣᠭᠤᠷᠢᠭ︾ ᠵᠡᠷᠭᠡ ᠬᠠᠤᠯᠢ ᠪᠤᠰᠤ ᠠᠷᠭ᠎ᠠ ᠵᠠᠮ ᠢᠶᠠᠷ ᠬᠤᠳᠠᠯᠳᠤᠨ ᠠᠪᠴᠤ ᠪᠣᠯᠬᠤ ᠦᠭᠡᠢ᠂ ᠬᠢᠷᠢ ᠲᠡᠩᠴᠡᠭᠦ ᠦᠭᠡᠢ ᠦᠢᠯᠡᠳᠬᠦᠨ ᠢ ᠬᠤᠳᠠᠯᠳᠤᠨ ᠠᠪᠬᠤ ᠠᠴᠠ ᠵᠠᠶᠢᠯᠠᠰᠬᠢᠬᠦ ᠬᠡᠷᠡᠭᠲᠡᠢ ᠭᠡᠵᠦ  ᠥᠷᠭᠡᠨ ᠣᠯᠠᠨ ᠬᠡᠷᠡᠭᠯᠡᠭᠴᠢᠳ ᠲᠤ ᠰᠠᠨᠠᠭᠤᠯᠵᠤ ᠪᠠᠶᠢᠨ᠎ᠠ︾  ᠃     ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠮ ᠤᠨ ᠵᠦᠢᠯ ᠵᠡᠷᠭᠡ ᠬᠢᠵᠢᠭ ᠲᠤ ᠬᠤᠯᠪᠣᠭᠳᠠᠭᠰᠠᠨ ᠡᠳ᠋ ᠪᠣᠳᠠᠰ ᠤᠨ ᠦᠨ᠎ᠡ ᠬᠠᠩᠰᠢ ᠶᠢᠨ  ᠪᠠᠶᠢᠳᠠᠯ ᠢ ᠦᠷᠭᠦᠯᠵᠢᠯᠡᠨ ᠠᠩᠬᠠᠷᠴᠤ᠂  ᠲᠣᠭᠤᠷᠢᠨ ᠪᠠᠶᠢᠴᠠᠭᠠᠬᠤ ᠠᠵᠢᠯ ᠢ  ᠪᠠᠶᠢᠩᠭᠤ ᠶᠢᠨ ᠴᠢᠨᠠᠷᠳᠠᠢ ᠦᠷᠨᠢᠬᠦᠯᠦᠨ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠦᠨ᠎ᠡ ᠬᠠᠩᠰᠢ ᠶᠢ ᠳᠦᠷᠭᠢᠯᠳᠦᠨ ᠥᠰᠬᠡᠬᠦ ᠵᠡᠷᠭᠡ ᠬᠠᠤᠯᠢ ᠲᠦᠷᠢᠮ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠢᠯᠡᠴᠢᠯᠡᠨ᠂ ᠬᠢᠵᠢᠭ  ᠰᠡᠷᠭᠡᠶᠢᠯᠡᠬᠦ ᠡᠮ ᠤᠨ ᠵᠦᠢᠯ ᠡᠳ᠋ ᠪᠣᠳᠠᠰ ᠤᠨ ᠦᠨ᠎ᠡ ᠬᠠᠩᠰᠢ ᠶᠢ ᠪᠠᠳᠤᠯᠠᠵᠤ᠂ ᠵᠠᠬ᠎ᠠ ᠳᠡᠯᠭᠡᠭᠦᠷ ᠤᠨ ᠡᠮᠬᠢ ᠲᠢᠭᠯᠡᠮ ᠢ ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号