ᠲᠠᠶᠢᠹᠤᠰᠧ ᠬᠤᠰᠢᠭᠤ ᠬᠤᠷᠠᠯ ᠬᠢᠵᠦ ᠡᠪᠦᠯ ᠬᠠᠪᠤᠷ ᠤᠨ ᠭᠠᠯ ᠰᠡᠷᠭᠡᠶᠢᠯᠡᠬᠦ ᠠᠵᠢᠯ ᠢ ᠪᠠᠶᠢᠷᠢᠯᠠᠭᠤᠯᠤᠭᠰᠠᠨ
ᠨᠡᠶᠢᠲᠡᠯᠡᠭᠰᠡᠨ ᠴᠠᠭ᠄
2022/12/16
  12 ᠰᠠᠷ᠎ᠠ ᠶᠢᠨ 13 ᠤ ᠡᠳᠦᠷ᠂ ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠷᠪᠠᠨ ᠬᠤᠶᠠᠳᠤᠭᠠᠷ ᠤᠳᠠᠭᠠᠨ ᠤ ᠲᠣᠭᠲᠠᠮᠠᠯ ᠬᠤᠷᠠᠯ ᠵᠢᠴᠢ ᠡᠪᠦᠯ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠡᠳ᠋ ᠬᠤᠰᠢᠭᠤ ᠳᠠᠷᠤᠭ᠎ᠠ ᠶᠢᠨ ᠶᠦᠩ ᠾᠧ ᠬᠤᠷᠠᠯ ᠢ ᠡᠷᠬᠢᠯᠡᠨ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ ᠣᠷᠣᠯᠴᠠᠨ ᠶᠠᠷᠢᠶ᠎ᠠ  ᠲᠠᠯᠪᠢᠵᠠᠢ᠃ ᠴᠧᠨ ᠶᠠᠨ ᠪᠦᠦ ᠵᠢᠭᠠᠵᠤ ᠭᠠᠷᠭᠠᠬᠤ ᠳᠠᠭᠠᠨ᠂ ᠵᠢᠯ ᠤᠨ ᠡᠴᠦᠰ ᠪᠣᠯ ᠤᠰᠤᠯ ᠠᠳᠡᠯ ᠣᠯᠠᠨ ᠭᠠᠷᠳᠠᠭ ᠬᠤᠭᠤᠴᠠᠭ᠎ᠠ ᠪᠤᠯᠬᠤᠷ  ᠬᠤᠰᠢᠭᠤ ᠲᠠᠶᠠᠭᠠᠷ ᠡᠷᠬᠡᠪᠰᠢ ᠦᠵᠡᠯ ᠰᠠᠨᠠᠭ᠎ᠠ ᠪᠠᠨ ᠨᠢᠭᠡᠳᠬᠡᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠪᠦᠯ ᠤᠨ ᠤᠯᠠᠷᠢᠯ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠨᠢ ᠡᠪᠦᠯ ᠤᠨ ᠤᠯᠠᠷᠢᠯ ᠤᠨ  ᠠᠶᠤᠯᠬᠦᠢ ᠦᠢᠯᠡᠳᠪᠦᠷᠢᠯᠡᠯ ᠤᠨ ᠠᠵᠢᠯ ᠢ ᠴᠢᠩᠭ᠎ᠠ  ᠠᠳᠬᠤᠨ᠂  ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠭᠡᠷᠡᠭᠵᠢᠬᠦᠯᠵᠦ ᠬᠢᠨᠠᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂  ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ  ᠮᠦᠷᠳᠡᠭᠡᠨ ᠪᠤᠳᠠᠳᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠴᠤᠬᠤᠶᠢᠮᠠᠭᠴᠠ ᠤᠰᠠᠳᠬᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠯᠠᠨ ᠠᠷᠭ᠎ᠠ ᠶᠢ ᠵᠡᠷᠭᠡᠪᠡᠷ ᠭᠡᠷᠡᠭᠯᠡᠨ ᠡᠪᠦᠯ ᠤᠨ ᠤᠯᠠᠷᠢᠯ ᠤᠨ ᠭᠠᠯ  ᠰᠡᠷᠭᠡᠶᠢᠯᠡᠬᠦ ᠠᠵᠢᠯ ᠢ  ᠰᠠᠶᠢᠲᠤᠷ ᠠᠳᠬᠤᠵᠤ᠂ ᠭᠠᠯ ᠰᠡᠷᠭᠡᠶᠢᠯᠡᠬᠦ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠭᠠᠯ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠨ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠭᠠᠯ ᠰᠡᠷᠭᠡᠶᠢᠯᠡᠬᠦ ᠤᠬᠠᠭᠤᠯᠭ᠎ᠠ ᠬᠢᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠭᠤᠷᠪᠠᠨ ᠲᠠᠯ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠡᠨᠡ ᠡᠪᠦᠯ ᠢᠷᠡᠬᠦ ᠬᠠᠪᠤᠷ ᠤᠨ ᠭᠠᠯ  ᠰᠡᠷᠭᠡᠶᠢᠯᠡᠬᠦ ᠠᠵᠢᠯ ᠢ  ᠡᠷᠭᠡᠪᠰᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠬᠡᠪᠡ᠃ ᠶᠢᠨ ᠶᠦᠩ ᠾᠧ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠬᠦ᠂  ᠡᠨᠡ ᠡᠪᠦᠯ ᠢᠷᠡᠬᠦ ᠬᠠᠪᠤᠷ ᠤᠨ ᠭᠠᠯ ᠰᠡᠷᠭᠡᠶᠢᠯᠡᠬᠦ ᠡᠯ᠎ᠡ  ᠲᠦᠷᠦᠯ ᠤᠨ ᠠᠵᠢᠯ ᠢ  ᠰᠠᠶᠢᠲᠤᠷ ᠠᠳᠬᠤᠬᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ  ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭᠠᠨ ᠤ ᠰᠡᠬᠦᠯ ᠢ ᠰᠠᠶᠢᠨ ᠬᠤᠷᠢᠶᠠᠬᠤ ᠲᠤᠬᠠᠢ ᠨᠠᠷᠢᠨ ᠨᠢᠭᠲᠠ ᠪᠠᠶᠢᠷᠢᠯᠠᠭᠤᠯᠤᠯᠲᠠ ᠬᠢᠵᠡᠢ ᠃ ᠬᠤᠷᠠᠯ ᠳᠡᠭᠡᠷ᠎ᠡ ᠪᠠᠰᠠ ᠾᠧᠨᠠᠨ ᠮᠤᠵᠢ ᠶᠢᠨ ᠠᠨᠶᠠᠩ ᠬᠤᠲᠠ ᠶᠢᠨ ᠺᠠᠢ ᠰᠢᠨ ᠳ᠋ᠡ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠭᠠᠯ ᠠᠯᠳᠠᠭᠰᠠᠨ ᠤᠰᠤᠯ ᠠᠳᠡᠯ ᠤᠨ ᠲᠤᠬᠠᠢ  ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠵᠢᠴᠢ ᠭᠠᠯ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠪᠣᠯᠣᠨ ︽ᠡᠪᠦᠯ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ᠢ  ᠨᠡᠶᠢᠳᠡᠯᠡᠪᠡ᠃ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠳᠡᠳ᠋ ᠡᠷᠬᠢᠯᠡᠭᠴᠢ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号